ᠬᠠᠷᠢᠶ᠎ᠠ ᠣᠷᠣᠨ ᠤ ᠰᠠᠭᠤᠭᠠᠯᠢ ᠠᠷᠠᠳ ᠤᠨ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠤᠬᠠᠮᠰᠠᠷ ᠢ ᠳᠡᠭᠡᠭᠰᠢᠯᠡᠭᠦᠯᠵᠦ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠵᠤ᠂ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠤᠰᠤ ᠪᠠᠷ ᠪᠡᠯᠡ | ᠴᠤᠭᠯᠠᠭᠤᠯᠬᠤ ᠠᠴᠠ ᠬᠤᠯᠠᠬᠠᠨ ᠪᠠᠶᠢᠯᠭᠠᠬᠤ ᠶᠢᠨ ᠲᠦᠯᠦᠭᠡ᠂ 2 ᠰᠠᠷ᠎ᠠ ᠶᠢᠨ 19 ᠤ ᠡᠳᠦᠷ᠂ ᠮᠦᠩᠬᠡᠵᠢᠯ ᠵᠠᠮ ᠤᠨ | ᠵᠡᠭᠡᠯᠢ ᠭᠤᠳᠤᠮᠵᠢ ᠶᠢᠨ ᠴᠢᠩ ᠶᠦᠨ ᠨᠡᠢᠭᠡᠮ ᠲᠣᠭᠤᠷᠢᠭ ᠬᠠᠤᠯᠢ ᠪᠤᠰᠤ ᠪᠠᠷ ᠪᠡᠯᠡ ᠴᠤᠭᠯᠠᠭᠤᠯᠬᠤ ᠶᠢ ᠰᠡᠷᠭᠡᠶᠢᠯᠡᠬᠦ | ᠤᠬᠠᠭᠤᠯᠭ᠎ᠠ ᠶᠢᠨ ᠲᠠᠶᠢᠯᠦᠮᠵᠢ ᠥᠷᠨᠢᠭᠦᠯᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠤᠯᠤᠰ ᠤᠨ ᠭᠦᠢᠯᠭᠡᠭᠡᠨ ᠤ ᠲᠡᠮᠳᠡᠭᠲᠦ ᠶᠢᠨ ᠪᠠᠭᠰᠢ ᠠᠴᠠ | ᠬᠠᠤᠯᠢ ᠪᠤᠰᠤ ᠪᠠᠷ ᠪᠠᠯᠠ ᠴᠤᠭᠯᠠᠭᠤᠯᠬᠤ ᠲᠤᠬᠠᠶ ᠲᠣᠮᠢᠶᠠᠯᠠᠯ᠂ ᠬᠤᠤᠷ ᠬᠥᠨᠥᠭᠡᠯᠲᠦ ᠴᠢᠨᠠᠷ ᠵᠡᠷᠭᠡ ᠮᠡᠳᠡᠯᠭᠡ ᠶᠢ ᠨᠠᠷᠢᠨ | ᠲᠠᠨᠢᠯᠴᠠᠭᠤᠯᠬᠤ ᠶᠢᠨ ᠬᠠᠮᠲᠤ ᠸᠢᠳᠢᠣ᠋ ᠨᠡᠪᠲᠡᠷᠡᠭᠦᠯᠬᠦ᠂ ᠵᠢᠷᠤᠭ ᠨᠡᠪᠲᠡᠷᠡᠭᠦᠯᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠬᠠᠤᠯᠢ ᠪᠤᠰᠤ ᠪᠠᠷ ᠪᠠᠯᠠ ᠴᠤᠭᠯᠠᠭᠤᠯᠤᠭᠰᠠᠨ ᠬᠡᠳᠦᠨ ᠬᠡᠷᠡᠭ ᠤᠨ ᠵᠢᠱᠢᠶ᠎ᠡ ᠶᠢ ᠰᠣᠩᠭᠤᠵᠤ᠂ ᠲᠡᠳᠡᠨᠤᠰ ᠤᠨ | ᠬᠠᠭᠤᠷᠤᠨ ᠮᠡᠬᠡᠯᠡᠭᠰᠡᠨ ᠰᠢᠯᠲᠠᠭᠠᠨ᠂ ᠬᠤᠤᠷ ᠠᠮᠰᠠᠭᠴᠢ ᠶᠢᠨ ᠣᠨᠴᠠᠯᠢᠭ᠂ ᠬᠠᠤᠯᠢ ᠴᠠᠭᠠᠵᠠ ᠶᠢᠨ ᠦᠷ᠎ᠡ ᠳ᠋ᠦᠩ | ᠵᠡᠷᠭᠡ ᠶᠢ ᠵᠠᠳᠠᠯᠵᠤ᠂ ᠬᠠᠤᠯᠢ ᠪᠤᠰᠤ ᠪᠠᠷ ᠪᠠᠯᠠ ᠴᠤᠭᠯᠠᠭᠤᠯᠬᠤ ᠶᠢᠨ ᠰᠢᠨᠵᠢ ᠲᠡᠮᠳᠡᠭ ᠢ ᠬᠡᠷᠬᠢᠨ ᠢᠯᠭᠠᠨ ᠲᠠᠨᠢᠬᠤ ᠳᠤ | ᠪᠣᠳᠠᠲᠤ ᠬᠡᠷᠡᠭᠯᠡᠭᠡᠨ ᠤ ᠰᠡᠷᠭᠡᠶᠢᠯᠡᠬᠦ ᠰᠠᠨᠠᠭᠤᠯᠭ᠎ᠠ ᠬᠠᠩᠭᠠᠪᠠ᠃ ᠡᠭᠦᠨ ᠤ ᠬᠠᠮᠲᠤ ᠣᠯᠠᠨ ᠳᠤ ︽ᠬᠠᠤᠯᠢ ᠪᠤᠰᠤ ᠪᠠᠷ | ᠪᠠᠯᠠ ᠴᠤᠭᠯᠠᠭᠤᠯᠬᠤ ᠶᠢ ᠰᠡᠷᠭᠡᠶᠢᠯᠡᠬᠦ ᠪᠠ ᠰᠢᠢᠳᠪᠦᠷᠢᠯᠡᠬᠦ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ | ᠬᠠᠤᠯᠢ ᠲᠣᠭᠲᠠᠭᠠᠯ ᠢ ᠲᠠᠨᠢᠯᠴᠠᠭᠤᠯᠵᠤ᠂ ᠬᠠᠤᠯᠢ ᠴᠠᠭᠠᠵᠠ ᠶᠢᠨ ᠤᠯᠠᠭᠠᠨ ᠱᠤᠭᠤᠮ ᠢ ᠴᠢᠬᠤᠯᠠᠴᠢᠯᠠᠪᠠ᠃ | ᠲᠣᠰ ᠤᠳᠠᠭᠠᠨ ᠤ ᠲᠠᠶᠢᠯᠤᠮᠵᠢ ᠪᠠᠷ ᠳᠡᠮᠵᠢᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠰᠡᠷᠭᠡᠶᠢᠯᠡᠬᠦ | ᠤᠬᠠᠮᠰᠠᠷ ᠢ ᠳᠡᠭᠡᠭᠰᠢᠯᠡᠭᠦᠯᠵᠦ ᠴᠢᠳᠠᠬᠤ ᠪᠠᠷ ᠪᠠᠷᠠᠬᠤ ᠥᠬᠡᠶ᠂ ᠪᠠᠰᠠ ᠨᠡᠶᠢᠭᠡᠮ ᠤᠨ ᠪᠦᠬᠦᠯᠢ ᠴᠣᠭᠴᠠ ᠶᠢᠨ ᠬᠠᠤᠯᠢ | ᠪᠤᠰᠤ ᠪᠠᠷ ᠪᠠᠯᠠ ᠴᠤᠭᠯᠠᠭᠤᠯᠬᠤ ᠦᠢᠯᠡ ᠠᠵᠢᠯᠯᠠᠭ᠎ᠠ ᠶᠢᠨ ᠰᠣᠨᠣᠷ ᠰᠡᠷᠡᠮᠵᠢ ᠪᠠᠨ ᠠᠬᠢᠭᠤᠯᠵᠤ᠂ ᠨᠠᠩ ᠠᠮᠤᠷ | ᠲᠦᠪᠰᠢᠨ᠂ ᠡᠷᠡᠭᠦᠯ ᠰᠠᠷᠠᠭᠤᠯ ᠮᠥᠩᠭᠦᠨ ᠭᠦᠢᠯᠭᠡᠭᠡᠨ ᠤ ᠣᠷᠴᠢᠨ ᠲᠣᠭᠤᠷᠢᠨ ᠢ ᠬᠠᠮᠲᠤ ᠪᠠᠷ ᠪᠣᠶ ᠪᠣᠯᠭᠠᠵᠤ | ᠴᠢᠳᠠᠨ᠎ᠠ᠃ ᠳᠠᠷᠠᠭᠠᠴᠢ ᠶᠢᠨ ᠠᠯᠬᠤᠮ ᠳᠤ ᠴᠢᠩ ᠶᠦᠨ ᠨᠡᠶᠢᠭᠡᠮ ᠲᠣᠭᠤᠷᠢᠭ ᠤᠨ ᠬᠢᠨ ᠬᠠᠤᠯᠢ ᠪᠤᠰᠤ ᠪᠠᠷ ᠪᠡᠯᠡ | ᠴᠤᠭᠯᠠᠭᠤᠯᠬᠤ ᠶᠢ ᠰᠡᠷᠭᠡᠶᠢᠯᠡᠬᠦ ᠤᠬᠠᠭᠤᠯᠭ᠎ᠠ ᠶᠢᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠢᠯᠯᠠᠭ᠎ᠠ ᠶᠢᠨ | ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯᠯᠠᠭ᠎ᠠ ᠶᠢᠨ ᠠᠭᠤᠯᠭ᠎ᠠ ᠶᠢ ᠪᠠᠶᠠᠯᠢᠭᠵᠢᠭᠤᠯᠵᠤ᠂ ᠦᠢᠯᠡᠴᠢᠯᠡᠭᠡᠨ ᠤ ᠶᠠᠰᠤ | ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | | | | | | |