ᠴᠢᠩᠱᠠᠨ ᠬᠤᠲᠠ ᠶᠢᠨ ᠰᠠᠭᠤᠷᠢ ᠲᠦᠭᠦᠭᠡᠷᠦᠮᠵᠢ ᠶᠢᠨ ᠪᠠᠯᠠ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠳᠤ ᠣᠷᠣᠯᠴᠠᠪᠠ
ᠨᠡᠶᠢᠲᠡᠯᠡᠭᠰᠡᠨ ᠴᠠᠭ᠄
2025/2/19
      2 ᠰᠠᠷ᠎ᠠ ᠶᠢᠨ 18᠎ ᠤ ᠡᠳᠦᠷ᠂ ᠴᠢᠩᠱᠠᠨ ᠲᠣᠭᠤᠷᠢᠭ ᠤᠨ ᠨᠠᠮ ᠤᠨ ᠰᠤᠷᠭᠠᠭᠤᠯᠢ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠎ ᠤᠨ ᠭᠦᠨᠵᠡᠭᠡᠢ ᠪᠣᠯᠪᠠᠰᠤᠷᠠᠯ ᠢ ᠡᠷᠬᠢᠯᠡᠵᠦ᠂ ᠲᠤᠭᠤᠷᠢᠭ ᠤᠨ ᠬᠠᠷᠢᠶ᠎ᠠ ᠤᠯᠤᠰ ᠤᠨ ᠥᠮᠴᠢᠯᠡᠯ ᠤᠨ ᠠᠵᠤ ᠠᠬᠤᠶᠢᠯᠠᠯ  ᠪᠤᠭᠤᠲᠤ ᠶᠢᠨ ᠴᠢᠩᠱᠠᠨ ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠶᠢᠨ ᠬᠥᠭᠵᠢᠭᠦᠯᠦᠯᠲᠡ ᠶᠢᠨ ᠬᠢᠵᠠᠭᠠᠷᠲᠤ ᠺᠣᠮᠫᠠᠨᠢ ᠶᠢᠨ ᠬᠤᠯᠪᠣᠭᠳᠠᠯ ᠪᠦᠬᠦᠢ ᠠᠵᠢᠯᠲᠠᠳ ᠲᠤᠰ ᠤᠳᠠᠭᠠᠨ ᠤ ᠪᠣᠯᠪᠠᠰᠤᠷᠠᠯ ᠳᠤ ᠣᠷᠣᠯᠴᠠᠪᠠ᠃ ᠪᠣᠯᠪᠠᠰᠤᠷᠠᠯ ᠢ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠭᠤᠤᠯᠯᠠᠨ ᠡᠷᠭᠢᠯᠡᠵᠦ᠂ ᠲᠤᠭ᠎ᠠ ᠪᠦᠷᠢᠳᠬᠡᠯ ᠤᠨ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠩᠭᠠᠷᠠᠭᠤᠯᠤᠨ᠂ ᠴᠢᠩᠱᠠᠨ ᠲᠣᠭᠤᠷᠢᠭ ᠤᠨ ᠠᠵᠤ ᠠᠬᠤᠶ ᠶᠢᠨ ᠬᠥᠭᠵᠢᠯᠲᠡ ᠳᠤ ᠪᠠᠲᠤ ᠪᠠᠬᠢ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠶᠢᠨ ᠲᠥᠯᠥᠭᠡ ᠶᠤᠮ᠃      ᠬᠤᠷᠠᠯ ᠳᠡᠭᠡᠷ᠎ᠡ᠂ ᠲᠤᠭ᠎ᠠ ᠪᠦᠷᠢᠳᠬᠡᠯ ᠤᠨ ᠲᠣᠪᠴᠢᠶᠠᠨ ᠤ ᠨᠥᠬᠦᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾᠂ ᠠᠵᠤ ᠠᠬᠤᠶ ᠶᠢᠨ ᠬᠦᠢᠴᠡᠳᠬᠡᠯ ᠲᠤᠭ᠎ᠠ ᠶᠢ ᠣᠨ ᠢᠶᠠᠷ ᠲᠣᠭᠲᠠᠭᠠᠨ ᠮᠡᠳᠡᠭᠦᠯᠬᠦ᠂ ᠲᠤᠭ᠎ᠠ ᠪᠦᠷᠢᠳᠬᠡᠯ ᠤᠨ ᠡᠬᠡ ᠲᠠᠩᠰᠠ᠂ ᠠᠵᠤ ᠠᠬᠤᠶᠢᠯᠠᠯ ᠤᠨ ᠲᠤᠭ᠎ᠠ ᠪᠦᠷᠢᠳᠬᠡᠯ ᠤᠨ ᠵᠢᠷᠤᠮᠵᠢᠭᠰᠠᠨ ᠪᠠᠶᠢᠭᠤᠯᠤᠯᠲᠠ ᠶᠢᠨ ᠪᠠᠷᠢᠮᠵᠢᠶ᠎ᠠ ᠵᠡᠷᠭᠡ ᠠᠭᠤᠯᠭ᠎ᠠ ᠶᠢ ᠲᠣᠰ ᠲᠣᠰ ᠲᠠᠶᠢᠯᠪᠤᠷᠢᠯᠠᠪᠠ᠃ ᠪᠣᠯᠪᠠᠰᠤᠷᠠᠯ ᠳᠤ ᠣᠷᠣᠯᠴᠠᠭᠰᠠᠳ ᠨᠠᠷᠢᠨ ᠬᠢᠨᠠᠮᠠᠭᠠᠶ ᠰᠣᠨᠣᠰᠴᠤ᠂ ᠲᠥᠷᠥᠯ ᠵᠦᠢᠯ ᠢ ᠪᠦᠷᠢᠳᠬᠡᠵᠦ ᠲᠠᠭᠯᠠᠨ ᠮᠡᠳᠡᠭᠦᠯᠬᠦ ᠠᠵᠢᠯ ᠤᠨ ᠲᠤᠬᠠᠶ ᠨᠠᠩ ᠪᠥᠬᠦ ᠲᠠᠯ᠎ᠠ ᠶᠢᠨ ᠰᠢᠰᠲ᠋ᠧᠮ ᠲᠠᠢ ᠪᠥᠭᠡᠳ ᠭᠦᠨᠵᠡᠭᠡᠶ ᠲᠠᠨᠢᠯᠲᠠ ᠲᠠᠢ ᠪᠣᠯᠵᠣ᠂ ᠪᠣᠯᠪᠠᠰᠤᠷᠠᠯ ᠤᠨ ᠰᠠᠶᠢᠨ ᠦᠷ᠎ᠡ ᠪᠦᠲᠦᠮᠵᠢ ᠣᠯᠤᠭᠰᠠᠨ ᠪᠠᠶᠢᠨ᠎ᠠ᠃ ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠨᠢ ᠴᠠᠭ ᠲᠤᠬᠠᠶ ᠳᠤᠨᠢ ᠮᠥᠷᠲᠡᠭᠡᠨ ᠪᠣᠳᠠᠲᠠᠶ ᠶᠢ ᠡᠷᠬᠢᠮᠯᠡᠵᠦ᠂ ᠠᠵᠤ ᠠᠬᠤᠶᠢᠯᠠᠯ ᠢ ᠬᠠᠪᠰᠤᠷᠤᠨ ᠪᠣᠳᠠᠲᠠᠶ ᠠᠰᠠᠭᠤᠳᠠᠯ ᠢ ᠨᠢ ᠰᠢᠢᠳᠪᠦᠷᠢᠯᠡᠭᠰᠡᠨ ᠮᠥᠷᠲᠡᠭᠡᠨ ᠪᠠᠰᠠ ᠠᠵᠤ ᠠᠬᠤᠶᠢᠯᠠᠯ ᠤᠨ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠦᠲᠦᠮᠵᠢᠲᠡᠶ ᠳᠡᠭᠡᠭᠰᠢᠯᠡᠭᠦᠯᠪᠡ᠃      ᠳᠠᠷᠠᠭᠠᠴᠢ ᠶᠢᠨ ᠠᠯᠬᠤᠮ ᠳᠤ᠂ ᠬᠤᠳᠠ ᠶᠢᠨ ᠪᠡᠯᠡ ᠣᠷᠣᠭᠤᠯᠤᠯᠲᠠ ᠶᠢᠨ ᠺᠣᠮᠫᠠᠨᠢ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠳᠤ ᠦᠷᠭᠦᠯᠵᠢᠯᠡᠨ ᠬᠠᠮᠵᠢᠯᠴᠠᠬᠤ ᠶᠢᠨ ᠬᠠᠮᠲᠤ ᠰᠤᠷᠤᠭᠰᠠᠨ ᠢᠶᠠᠨ ᠪᠣᠳᠠᠲᠠᠢ ᠲᠤᠬᠠᠶᠢᠯᠠᠭᠰᠠᠨ ᠠᠵᠢᠯ ᠤᠨ ᠳᠤᠮᠳᠠ ᠦᠨᠡᠨ ᠬᠦ ᠬᠡᠷᠡᠭᠯᠡᠵᠦ᠂ ᠲᠤᠭ᠎ᠠ ᠪᠠᠷᠢᠮᠲᠠ ᠶᠢ ᠴᠤᠭᠯᠠᠭᠤᠯᠬᠤ ᠡᠬᠢᠨ ᠠᠴᠠ ᠡᠬᠢᠯᠡᠨ ᠡᠵᠡᠮᠳᠡᠵᠦ᠂ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠪᠣᠯᠤᠨ ᠪᠦᠷᠢᠨ ᠪᠦᠲᠦᠨ ᠴᠢᠨᠠᠷ ᠢ ᠪᠠᠲᠤᠯᠠᠵᠤ᠂ ᠺᠣᠮᠫᠠᠨᠢ ᠶᠢᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠠᠵᠢᠯ ᠢ ᠤᠨᠢᠨ ᠳᠡᠭᠡᠷ᠎ᠡ ᠨᠢ ᠥᠷᠨᠢᠭᠦᠯᠬᠦ ᠳᠤ ᠪᠠᠲᠤ ᠪᠠᠬᠢ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号