ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ ᠠᠵᠤ ᠦᠢᠯᠡᠳᠪᠦᠷᠢ ᠮᠡᠳᠡᠭᠡ ᠵᠠᠩᠭᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠢ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠨ ᠤ ᠮᠡᠳᠡᠭᠦᠯᠦᠯᠲᠡ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/20
      ᠡᠯ᠎ᠡ ᠱᠠᠲᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠤᠭ᠎ᠠ ᠪᠦᠷᠢᠳᠬᠡᠯ ᠤᠨ ᠪᠣᠯᠪᠠᠰᠤᠷᠠᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠴᠢᠩᠱᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠨ ᠤ ᠮᠡᠳᠡᠭᠦᠯᠦᠯᠲᠡ ᠶᠢᠨ ᠠᠵᠢᠯ ᠢ ᠰᠠᠶᠢᠲᠤᠷ ᠬᠢᠬᠦ ᠶᠢᠨ ᠲᠦᠯᠦᠭᠡ᠂ 2 ᠰᠠᠷ᠎ᠠ ᠶᠢᠨ 18᠎ ᠤ ᠡᠳᠦᠷ ᠴᠢᠩᠱᠠᠨ ᠲᠣᠭᠤᠷᠢᠭ ᠤᠨ ᠲᠤᠭ᠎ᠠ ᠪᠦᠷᠢᠳᠬᠡᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠴᠢᠯᠠᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠬᠠᠮᠲᠤᠷᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠣᠨ ᠤ ᠮᠡᠳᠡᠭᠦᠯᠦᠯᠲᠡ ᠶᠢᠨ ᠲᠤᠭ᠎ᠠ ᠪᠦᠷᠢᠳᠬᠡᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠪᠠ᠃ ᠲᠣᠰ ᠤᠳᠠᠭᠠᠨ ᠤ ᠪᠣᠯᠪᠠᠰᠤᠷᠠᠭᠤᠯᠤᠯ ᠨᠢ ᠬᠤᠲᠠ ᠶᠢᠨ ᠱᠠᠲᠤᠨ ᠤ ᠲᠤᠭ᠎ᠠ ᠪᠦᠷᠢᠳᠬᠡᠯ ᠤᠨ ᠰᠠᠯᠠᠭ᠎ᠠ ᠮᠥᠴᠢᠷ ᠠᠴᠠ ᠠᠵᠤ ᠠᠬᠤᠶᠢᠯᠠᠯ ᠢ ᠰᠢᠭᠤᠳ ᠬᠥᠮᠦᠵᠢᠭᠦᠯᠬᠦ ᠶᠢ ᠪᠡᠶᠡᠯᠡᠭᠦᠯᠵᠦ᠂ ᠨᠡᠶᠢᠲᠡ 49 ᠠᠵᠤ ᠠᠬᠤᠶᠢᠯᠠᠯ ᠤᠨ 70 ᠭᠠᠷᠤᠶ ᠬᠥᠮᠦᠨ ᠪᠣᠯᠪᠠᠰᠤᠷᠠᠭᠤᠯᠤᠯ ᠳᠤ ᠣᠷᠣᠯᠴᠠᠵᠠᠶ᠃      ᠬᠤᠷᠠᠯ ᠠᠴᠠ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠠᠵᠤ ᠦᠢᠯᠡᠰ ᠤᠨ ᠰᠠᠯᠠᠭᠠᠨ ᠤ ᠳᠡᠳ᠋ ᠳᠠᠷᠤᠭ᠎ᠠ ᠵᠢᠶᠠᠩ ᠰᠧ ᠨᠠᠨ ᠶᠢ ᠤᠷᠢᠵᠤ ᠠᠵᠤ ᠠᠬᠤᠶᠢᠯᠠᠯ ᠳᠤ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠯᠭᠡᠵᠦ᠂ ᠲᠠᠷᠠᠭᠠᠴᠢ ᠶᠢᠨ ᠠᠯᠬᠤᠮ ᠤᠨ ᠣᠨ ᠤ ᠮᠡᠳᠡᠭᠦᠯᠦᠯᠲᠡ ᠶᠢᠨ ᠠᠵᠢᠯ ᠤᠨ ᠭᠤᠤᠯᠳᠠᠯᠭ᠎ᠠ ᠵᠢᠴᠢ ᠱᠠᠭᠠᠷᠳᠠᠯᠭ᠎ᠠ ᠶᠢ ᠭᠤᠤᠯᠳᠠᠯᠭ᠎ᠠ ᠲᠠᠢ ᠪᠠᠶᠢᠷᠢᠯᠠᠭᠤᠯᠤᠨ ᠴᠢᠬᠤᠯᠠᠴᠢᠯᠠᠪᠠ᠃      ᠬᠤᠷᠠᠯ ᠳᠡᠭᠡᠷ᠎ᠡ᠂ ᠵᠢᠶᠠᠩ ᠰᠧ ᠨᠠᠨ ᠰᠤᠳᠤᠯᠤᠨ ᠨᠡᠭᠡᠭᠡᠬᠦ ᠮᠡᠳᠡᠭᠦᠯᠦᠯᠲᠡ ᠶᠢᠨ ᠬᠦᠰᠦᠨᠦᠭᠲᠦ ᠶᠢᠨ ᠭᠦᠢᠴᠡᠳᠬᠡᠯ ᠲᠤᠭ᠎ᠠ ᠶᠢᠨ ᠠᠭᠤᠯᠭ᠎ᠠ᠂ ᠲᠠᠭᠯᠠᠨ ᠮᠡᠳᠡᠭᠦᠯᠬᠦ ᠱᠠᠭᠠᠷᠳᠠᠯᠭ᠎ᠠ ᠵᠢᠴᠢ ᠠᠩᠬᠠᠷᠬᠤ ᠵᠦᠢᠯᠡᠰ ᠢ ᠨᠠᠷᠢᠨ ᠲᠠᠶᠢᠯᠪᠤᠷᠢᠯᠠᠭᠰᠠᠨ ᠪᠥᠭᠡᠳ ᠣᠶᠢᠷ᠎ᠠ ᠶᠢᠨ ᠬᠤᠶᠠᠷ ᠵᠢᠯ ᠤᠨ ᠮᠡᠳᠡᠭᠦᠯᠬᠦ ᠬᠦᠰᠦᠨᠦᠭᠲᠦ ᠶᠢᠨ ᠳᠣᠲᠣᠷ᠎ᠠ ᠣᠷᠣᠰᠢᠵᠤ ᠪᠠᠶᠢᠭ᠎ᠠ ᠠᠰᠠᠭᠤᠳᠠᠯ ᠲᠠᠢ ᠤᠶᠠᠯᠳᠤᠭᠤᠯᠤᠨ᠂ ᠵᠢᠱᠢᠶ᠎ᠡ ᠲᠠᠲᠠᠬᠤ ᠪᠠᠷ ᠳᠠᠮᠵᠢᠭᠤᠯᠤᠨ᠂ ᠮᠠᠨ ᠤ ᠲᠣᠭᠤᠷᠢᠭ ᠤᠨ ᠥᠩᠭᠡᠷᠡᠭᠰᠡᠨ ᠵᠢᠯ ᠤᠳ ᠤᠨ ᠳᠡᠭᠡᠭᠰᠢ ᠮᠡᠳᠡᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠳᠤ ᠴᠢᠭᠯᠡᠭᠦᠯᠬᠦ ᠴᠢᠨᠠᠷᠲᠠᠶ ᠪᠠᠷ ᠵᠠᠳᠠᠯᠤᠯᠲᠠ ᠬᠢᠵᠦ ᠲᠠᠶᠢᠯᠪᠦᠷᠢᠯᠠᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠳᠠᠷᠠᠭ᠎ᠠ᠂ ᠪᠠᠰᠠ ᠠᠵᠤ ᠠᠬᠤᠶᠢᠯᠠᠯ ᠤᠨ ᠪᠠᠶᠢᠴᠠᠭᠠᠬᠤ ᠪᠠᠶᠢᠭᠤᠯᠤᠮᠵᠢ ᠶᠢᠨ ᠡᠷᠬᠡ ᠪᠠ ᠡᠭᠦᠷᠭᠡ ᠵᠡᠷᠭᠡ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠳᠤ ᠲᠠᠶᠢᠯᠤᠮᠵᠢ ᠬᠢᠪᠠ᠃      ᠲᠣᠰ ᠤᠳᠠᠭᠠᠨ ᠤ ᠪᠣᠯᠪᠠᠰᠤᠷᠠᠭᠤᠯᠤᠯ ᠨᠢ ᠠᠵᠤ ᠠᠬᠤᠶᠢᠯᠠᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ ᠪᠠᠲᠤᠳᠬᠠᠨ᠂ ᠮᠠᠨ ᠤ ᠲᠤᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠴᠢᠨᠠᠷ ᠰᠠᠶᠢᠲᠠᠶ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠶ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号