ᠠᠵᠢᠯ ᠣᠯᠭᠤᠯᠲᠠ ᠶᠢ ᠤᠷᠢᠳ ᠢᠶᠠᠷ ᠪᠣᠳᠣᠯᠬᠢᠯᠠᠬᠤ ᠤᠳᠤᠷᠢᠳᠤᠮᠵᠢ ᠶᠢ ᠲᠤᠪᠤᠶᠢᠯᠭᠠᠬᠤ ᠶᠢᠨ ᠲᠥᠯᠥᠭᠡ᠂ | ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠡᠯ᠎ᠡ ᠵᠦᠢᠯ ᠤᠨ ᠠᠵᠢᠯ ᠢ ᠡᠮᠬᠢ | ᠵᠢᠷᠤᠮ ᠲᠠᠢ ᠥᠷᠨᠢᠭᠦᠯᠵᠦ᠂ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ ᠢ ᠲᠤᠪᠤᠶᠢᠯᠭᠠᠬᠤ ᠳᠤ | ᠦᠢᠯᠡᠰ ᠪᠤᠰᠬᠠᠬᠤ ᠶᠢ ᠬᠦᠳᠦᠯᠦᠨ ᠳᠠᠭᠠᠭᠤᠯᠬᠤ ᠶᠢ ᠳᠤᠪᠤᠶᠢᠯᠭᠠᠵᠦ᠂ ᠠᠵᠢᠯ ᠣᠯᠭᠤᠯᠲᠠ ᠶᠢ ᠰᠢᠩᠭᠡᠭᠡᠨ ᠠᠪᠬᠤ | ᠦᠢᠯᠡᠳᠦᠯ ᠢ ᠦᠷᠭᠦᠯᠵᠢᠯᠡᠨ ᠪᠠᠳᠠᠷᠠᠭᠤᠯᠵᠤ᠂ ᠣᠨᠴᠠᠭᠠᠶᠢᠯᠠᠨ ᠣᠨ ᠤ ᠤᠬᠠᠭᠤᠯᠭ᠎ᠠ ᠶᠢᠨ ᠲᠥᠯᠥᠪᠯᠡᠭᠡ ᠶᠢ | ᠲᠣᠭᠲᠠᠭᠠᠵᠤ᠂ 2025 ᠣᠨ ᠤ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ ᠢ ᠰᠠᠶᠢᠲᠤᠷ ᠬᠢᠨ᠎ᠡ᠃ | ᠨᠢᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠠᠯ᠎ᠠ ᠪᠠᠷ ᠬᠠᠤᠯᠢ ᠨᠡᠮᠡᠵᠦ ᠠᠵᠢᠯᠯᠠᠭᠤᠯᠤᠨ᠎ᠠ | ᠳᠡᠭᠡᠳᠦ ᠳᠤᠤᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠵᠦ ᠲᠥᠪᠯᠡᠷᠡᠭᠦᠯᠦᠨ ᠤᠬᠠᠭᠤᠯᠵᠤ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠬᠠᠮᠤᠷᠬᠤ ᠬᠡᠪᠴᠢᠶ᠎ᠡ ᠶᠢ ᠥᠷᠭᠡᠳᠬᠡᠨ᠎ᠡ᠃ ᠨᠢᠭᠡ ᠲᠠᠯ᠎ᠠ ᠪᠠᠷ | ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠲᠤᠬᠠᠶ ᠶᠢᠨ ᠲᠠᠯᠠᠪᠤᠷ ᠤᠨ ᠠᠵᠢᠯᠲᠠᠨ ᠡᠯᠰᠡᠬᠦ ᠬᠤᠷᠠᠯ ᠲᠠᠢ | ᠤᠶᠠᠯᠳᠤᠭᠤᠯᠤᠨ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢ ᠢᠳᠡᠪᠬᠢᠲᠡᠶ ᠥᠷᠨᠢᠭᠦᠯᠵᠦ᠂ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠳᠡᠪᠲᠡᠷ ᠲᠠᠷᠬᠠᠭᠠᠪᠠ︔ ᠰᠠᠷ᠎ᠠ ᠪᠦᠷᠢ ᠡᠯ᠎ᠡ ᠵᠡᠭᠡᠯᠢ ᠭᠤᠳᠤᠮᠵᠢ᠂ | ᠨᠡᠶᠢᠭᠡᠮ ᠲᠣᠭᠤᠷᠢᠭ ᠲᠤ ᠭᠦᠨᠵᠡᠭᠡᠶᠢᠷᠡᠵᠦ᠂ ᠣᠯᠠᠨ ᠶᠠᠩᠵᠤ ᠬᠡᠯᠪᠡᠷᠢ ᠶᠢᠨ ᠠᠳᠠᠯ ᠦᠢᠯᠡᠰ ᠴᠣᠭᠴᠠᠯᠠᠬᠤ | ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠲᠥᠪᠯᠡᠷᠡᠭᠦᠯᠦᠨ ᠤᠬᠠᠭᠤᠯᠬᠤ ᠠᠵᠢᠯᠯᠠᠭ᠎ᠠ | ᠥᠷᠨᠢᠭᠦᠯᠵᠦ᠂ ᠣᠯᠠᠨ ᠲᠦᠮᠡᠨ ᠤ ᠠᠳᠠᠯ ᠦᠢᠯᠡᠰ ᠴᠣᠭᠴᠠᠯᠠᠬᠤ ᠳᠠᠭᠠᠭᠠᠯᠲᠠ ᠲᠠᠢ ᠵᠢᠭᠡᠯᠡᠯᠭᠡ ᠶᠢᠨ ᠲᠥᠷᠥ ᠶᠢᠨ | ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠥᠭᠦᠭᠡ ᠲᠠᠯ᠎ᠠ ᠪᠠᠷ᠂ ᠰᠦᠯᠵᠢᠶ᠎ᠡ ᠵᠢᠴᠢ ᠣᠬᠤᠷ | ᠸᠢᠳᠢᠣ᠋ ᠰᠡᠭᠦᠳᠡᠷᠯᠡᠬᠦ ᠠᠷᠭ᠎ᠠ ᠮᠠᠶ᠋ᠢᠭ ᠢᠶᠠᠷ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ | ᠲᠥᠷᠥ ᠶᠢᠨ ᠪᠣᠳᠣᠯᠭ᠎ᠠ ᠶᠢ ᠤᠬᠠᠭᠤᠯᠵᠤ᠂ ᠥᠷᠭᠡᠨ ᠣᠯᠠᠨ ᠲᠦᠮᠡᠨ ᠳᠤ ᠲᠥᠷᠥ ᠶᠢᠨ ᠪᠣᠳᠣᠯᠭ᠎ᠠ ᠶᠢ ᠨᠠᠩ ᠰᠢᠭᠤᠳ | ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠬᠦᠷᠲᠡᠭᠡᠵᠦ᠂ ᠠᠳᠠᠯ ᠦᠢᠯᠡᠰ ᠴᠣᠭᠴᠠᠯᠠᠬᠤ ᠲᠥᠷᠥ ᠶᠢᠨ | ᠪᠣᠳᠣᠯᠭ᠎ᠠ ᠶᠢ ︽ᠡᠳ᠋ᠯᠡᠪᠡᠰᠦ ᠵᠣᠬᠢᠬᠤ ᠶᠢ ᠨᠢ ᠴᠥᠮ ᠡᠳ᠋ᠯᠡᠬᠦ︾ ᠶᠢ ᠴᠢᠷᠮᠠᠶᠢᠨ ᠪᠡᠶᠡᠯᠡᠭᠦᠯᠦᠨ᠎ᠡ᠃ | ᠬᠤᠶᠠᠷ᠂ ᠦᠢᠯᠡᠴᠢᠯᠡᠭᠡᠨ ᠤ ᠨᠠᠷᠢᠨ ᠵᠦᠢᠯᠡᠰ ᠤᠨ ᠲᠠᠯ᠎ᠠ ᠪᠠᠷ ᠦᠷᠡᠵᠢᠭᠦᠯᠬᠦ ᠠᠷᠭ᠎ᠠ ᠠᠪᠤᠨ᠎ᠠ | ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠥᠷᠥ ᠶᠢᠨ ᠪᠣᠳᠣᠯᠭ᠎ᠠ ᠪᠠᠷ ᠲᠡᠳᠬᠦᠬᠦ ᠣᠨᠣᠪᠴᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ ᠨᠢᠭᠡ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠵᠠᠬ᠎ᠠ | ᠳᠡᠯᠭᠡᠭᠦᠷ ᠤᠨ ᠰᠠᠯᠠᠭ᠎ᠠ ᠲᠠᠢ ᠢᠳᠡᠪᠬᠢᠲᠡᠶ ᠵᠣᠯᠭᠠᠭᠤᠯᠵᠤ᠂ ᠡᠳ᠋ ᠤᠨ ᠵᠠᠰᠠᠭ ᠤᠨ ᠶᠠᠮᠤᠨ ᠤ ︽ᠲᠦᠭᠡᠮᠡᠯ | ᠬᠠᠷᠠᠭᠠᠯᠵᠠᠯ ᠤᠨ ᠮᠥᠩᠭᠦᠨ ᠭᠦᠢᠯᠭᠡᠭᠡᠨ ᠤ ᠬᠥᠭᠵᠢᠯᠲᠡ ᠶᠢᠨ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ ᠶᠢᠨ | ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ︾ ︵ᠡᠳ᠋ ᠮᠥᠩᠭᠦ ︹2023︺ 75 ᠳ᠋ᠤᠭᠠᠷ ᠲᠣᠭᠠᠲᠤ︶ | ᠪᠠᠷ ᠦᠨᠳᠦᠰᠦᠯᠡᠯ ᠪᠣᠯᠭᠠᠵᠤ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠢ ᠬᠡᠪᠴᠢᠶ᠎ᠡ ᠶᠣᠰᠣᠭᠠᠷ ᠰᠢᠯᠢᠨ | ᠰᠣᠩᠭᠤᠵᠤ᠂ ᠳ᠋ᠢᠶᠠᠩᠬᠤᠸᠠ᠂ ᠣᠬᠤᠷ ᠮᠡᠳᠡᠭᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ ᠬᠠᠨᠳᠤᠯᠭᠠᠲᠤ ᠴᠢᠨᠠᠷᠲᠠᠶ ᠪᠠᠷ | ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠬᠢᠵᠦ᠂ ᠬᠡᠷᠡᠭᠴᠡᠭᠡ ᠱᠠᠭᠠᠷᠳᠠᠯᠭ᠎ᠠ ᠲᠠᠢ ᠠᠵᠤ ᠠᠬᠤᠶᠢᠯᠠᠯ ᠳᠤ ᠬᠡᠷ ᠲᠤᠨᠢ | ᠬᠦᠷᠴᠦ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠢᠨ᠎ᠡ᠃ ᠬᠤᠶᠠᠷ ᠲᠤ᠂ ᠭᠤᠣᠯᠳᠠᠯᠭ᠎ᠠ ᠲᠠᠢ ᠠᠵᠤ | ᠠᠬᠤᠶᠢᠯᠠᠯ ᠳᠤ ᠭᠦᠨᠵᠡᠭᠡᠶᠢᠷᠡᠨ ᠰᠤᠷᠪᠤᠯᠵᠢᠯᠠᠬᠤ᠂ ᠶᠠᠷᠢᠯᠴᠠᠬᠤ ᠬᠤᠷᠠᠯ ᠬᠢᠵᠦ᠂ ᠠᠵᠤ ᠠᠬᠤᠶᠢᠯᠠᠯ ᠤᠨ ᠪᠣᠳᠠᠲᠠᠢ | ᠬᠡᠷᠡᠭᠴᠡᠭᠡ ᠱᠠᠭᠠᠷᠳᠠᠯᠭ᠎ᠠ ᠶᠢ ᠲᠣᠳᠣᠷᠬᠠᠶᠢᠯᠠᠵᠤ᠂ ᠨᠡᠩ ᠲᠣᠳᠣᠷᠬᠠᠢ ᠦᠢᠯᠡᠰ ᠴᠣᠭᠴᠠᠯᠠᠬᠤ ᠳᠠᠭᠠᠭᠠᠯᠲᠠ ᠶᠢᠨ | ᠵᠢᠭᠡᠯᠡᠯᠭᠡ ᠭᠤᠶᠤᠴᠢᠯᠠᠬᠤ ᠠᠷᠭ᠎ᠠ ᠵᠠᠮ ᠢ ᠪᠠᠶᠢᠭᠤᠯᠵᠤ᠂ ᠠᠵᠤ ᠠᠬᠤᠶᠢᠯᠠᠯ ᠤᠨ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠬᠤ ᠢᠳᠡᠪᠬᠢᠵᠢᠯ ᠢ ᠬᠥᠭᠵᠢᠭᠡᠵᠦ᠂ ᠭᠤᠣᠯᠳᠠᠯᠭ᠎ᠠ ᠲᠠᠢ ᠠᠵᠤ ᠠᠬᠤᠶᠢᠯᠠᠯ᠂ | ᠴᠢᠬᠤᠯᠠ ᠶᠡᠭᠡ ᠲᠦᠷᠦᠯ ᠵᠦᠢᠯ ᠳᠤ ᠠᠩᠬᠠᠷᠤᠯ ᠢᠶᠠᠨ ᠲᠥᠪᠯᠡᠷᠡᠭᠦᠯᠦᠨ ᠦᠢᠯᠡᠰ ᠴᠣᠭᠴᠠᠯᠠᠬᠤ ᠦᠢᠯᠡᠴᠢᠯᠡᠭᠡ ᠶᠢ | ᠥᠷᠨᠢᠭᠦᠯᠵᠦ᠂ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠭᠤᠣᠯᠳᠠᠯᠭ᠎ᠠ ᠲᠠᠢ ᠳᠡᠮᠵᠢᠨ᠎ᠡ᠃ ᠭᠤᠷᠪᠠ ᠳᠤ | ᠵᠢᠭᠡᠯᠡᠯᠭᠡ ᠶᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠵᠢᠭᠡᠯᠡᠯᠭᠡ ᠶᠢ ᠴᠠᠭ ᠲᠤᠬᠠᠶ ᠳᠤᠨᠢ | ᠲᠠᠯᠪᠢᠨ᠎ᠠ᠃ ᠬᠤᠲᠠ ᠶᠢᠨ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠳᠠᠭᠠᠭᠠᠯᠲᠠ ᠶᠢᠨ ᠲᠥᠪ᠂ ᠡᠳ᠋ ᠤᠨ | ᠵᠠᠰᠠᠭ ᠤᠨ ᠰᠠᠯᠠᠭ᠎ᠠ ᠮᠥᠴᠢᠷ᠂ ᠬᠤᠰᠢᠭᠤ ᠰᠢᠶᠠᠨ ᠤ ᠠᠵᠢᠯ ᠣᠯᠭᠤᠬᠤ ᠰᠠᠯᠠᠭ᠎ᠠ ᠮᠥᠴᠢᠷ ᠪᠠ ᠭᠠᠷᠲᠠᠨ | ᠭᠦᠢᠴᠡᠳᠭᠡᠬᠦ ᠮᠥᠩᠭᠦᠨ ᠭᠦᠢᠯᠭᠡᠭᠡᠨ ᠤ ᠪᠠᠶᠢᠭᠤᠯᠤᠮᠵᠢ ᠳᠥᠷᠪᠡᠨ ᠲᠠᠯ᠎ᠠ ᠶᠢᠨ ᠬᠠᠮᠲᠤᠷᠠᠭᠰᠠᠨ ᠳᠤᠭᠤᠶᠢᠯᠠᠩ ᠢ | ᠵᠣᠬᠢᠶᠠᠨ ᠪᠠᠶᠢᠭᠤᠯᠵᠤ᠂ ᠵᠠᠰᠠᠭ ᠪᠠᠩᠬᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠠᠵᠢᠯ ᠤᠨ | ᠨᠡᠪᠲᠡᠷᠡᠯᠴᠡᠨ ᠵᠥᠪᠳᠡᠯᠴᠡᠬᠦ ᠲᠣᠭᠲᠠᠴᠠ ᠶᠢ ᠪᠠᠶᠢᠭᠤᠯᠤᠨ᠂ ᠡᠯ᠎ᠡ ᠲᠠᠯ᠎ᠠ ᠶᠢᠨ ᠬᠢᠨ ᠡᠭᠦᠷᠭᠡ ᠬᠠᠷᠢᠭᠤᠴᠠᠯᠭ᠎ᠠ ᠪᠠᠨ | ᠲᠣᠳᠣᠷᠬᠠᠶᠢᠯᠠᠵᠤ᠂ ᠰᠢᠨ᠎ᠡ ᠶᠢ ᠡᠭᠦᠳᠬᠦ ᠵᠢᠭᠡᠯᠡᠯᠭᠡ ᠶᠢᠨ ︽ᠡᠭᠦᠯᠡᠨ ᠰᠢᠯᠭᠠᠷᠠᠭᠤᠯᠤᠯᠲᠠ︾ ᠶᠢ ᠥᠷᠨᠢᠭᠦᠯᠵᠦ᠂ ᠬᠢᠨᠠᠨ | ᠲᠣᠭᠲᠠᠭᠠᠬᠤ ᠶᠠᠪᠤᠴᠠ ᠶᠢ ᠢᠯᠡ ᠲᠣᠳᠣ᠂ ᠵᠢᠷᠤᠮᠵᠢᠯ ᠲᠠᠢ ᠪᠣᠯᠭᠠᠵᠤ᠂ ᠬᠢᠨᠠᠨ ᠵᠥᠪᠰᠢᠶᠡᠷᠡᠬᠦ ᠦᠶᠡᠯᠡᠯ ᠤᠨ | ᠬᠤᠭᠤᠴᠠᠭ᠎ᠠ ᠶᠢ ᠲᠦᠢᠯ ᠤᠨ ᠶᠡᠭᠡ ᠪᠠᠷ ᠪᠣᠭᠤᠨᠢᠰᠬᠠᠵᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢ | ᠵᠣᠬᠢᠴᠠᠭᠤᠯᠬᠤ ᠠᠵᠢᠯ ᠤᠨ ᠲᠣᠭᠲᠠᠴᠠ ᠶᠢ ᠪᠣᠳᠠᠲᠠᠶᠢᠵᠢᠭᠤᠯᠵᠤ᠂ ᠬᠤᠪᠢ ᠶᠢᠨ ᠠᠵᠤ ᠦᠢᠯᠡᠳᠪᠦᠷᠢ | ᠬᠤᠳᠠᠯᠳᠤᠭᠠᠨ ᠤ ᠡᠷᠦᠬᠡ ᠪᠠ ᠵᠢᠵᠢᠭ ᠪᠢᠴᠢᠯ ᠠᠵᠤ ᠠᠬᠤᠶᠢᠯᠠᠯ ᠢ ᠣᠬᠤᠷ ᠬᠤᠭᠤᠴᠠᠭᠠᠨ ᠤ ᠳᠣᠲᠣᠷ᠎ᠠ ᠬᠢᠨᠠᠨ | ᠵᠥᠪᠰᠢᠶᠡᠷᠡᠭᠰᠡᠨ ᠦᠷ᠎ᠡ ᠳ᠋ᠦᠩ ᠢ ᠣᠯᠵᠤ ᠴᠢᠳᠠᠬᠤ ᠪᠤᠯᠭᠠᠨ᠎ᠠ᠃ | ᠭᠤᠷᠪᠠ᠂ ᠰᠢᠢᠳᠪᠥᠷᠢᠯᠡᠬᠦ ᠴᠠᠭ ᠤᠨ ᠲᠠᠯ᠎ᠠ ᠪᠠᠷ ᠬᠠᠰᠤᠬᠤ ᠠᠷᠭ᠎ᠠ ᠠᠪᠤᠨ᠎ᠠ | ᠲᠣᠭᠲᠠᠴᠠ ᠶᠢ ᠲᠡᠭᠦᠯᠳᠡᠷᠵᠢᠭᠦᠯᠵᠦ᠂ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠡᠭᠦᠯᠳᠡᠷᠵᠢᠭᠦᠯᠦᠨ᠎ᠡ᠃ ᠵᠢᠭᠡᠯᠡᠯᠭᠡ ᠠᠴᠠ ᠡᠮᠦᠨ᠎ᠡ ᠬᠢᠨᠠᠨ ᠪᠠᠶᠢᠴᠠᠭᠠᠬᠤ᠂ ᠵᠢᠭᠡᠯᠡᠯᠭᠡ ᠳᠤ ᠪᠠᠶᠢᠴᠠᠭᠠᠯᠲᠠ ᠬᠢᠬᠦ᠂ | ᠵᠢᠭᠡᠯᠡᠯᠭᠡ ᠣᠯᠭᠤᠭᠰᠠᠨ ᠤ ᠳᠠᠷᠠᠭᠠᠬᠢ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠨᠢᠭᠡ ᠳᠤ᠂ | ᠵᠢᠭᠡᠯᠡᠯᠭᠡ ᠶᠢ ᠬᠢᠨᠠᠨ ᠬᠠᠷᠭᠤᠭᠤᠯᠬᠤ ᠪᠣᠭᠤᠮᠲᠠ ᠶᠢ ᠴᠢᠩᠭ᠎ᠠ ᠠᠳᠬᠤᠨ᠎ᠠ᠃ ᠠᠵᠤ ᠠᠬᠤᠶᠢᠯᠠᠯ ᠤᠨ ᠭᠤᠶᠤᠴᠢᠯᠠᠯ ᠤᠨ | ᠮᠠᠲ᠋ᠧᠷᠢᠶᠠᠯ ᠢ ᠴᠢᠩᠭ᠎ᠠ ᠬᠢᠨᠠᠨ ᠪᠠᠶᠢᠴᠠᠭᠠᠵᠤ᠂ ᠴᠠᠭ ᠲᠤᠬᠠᠶ ᠳᠤᠨᠢ ᠠᠵᠤ ᠠᠬᠤᠶᠢᠯᠠᠯ ᠳᠤ ᠲᠤᠬᠠᠶ ᠶᠢᠨ ᠭᠠᠵᠠᠷ ᠲᠤᠨᠢ | ᠰᠢᠨᠵᠢᠯᠡᠨ ᠪᠠᠶᠢᠴᠠᠭᠠᠯᠲᠠ ᠬᠢᠵᠦ᠂ ᠵᠢᠭᠡᠯᠡᠯᠭᠡ ᠶᠢᠨ ᠲᠤᠭ᠎ᠠ ᠬᠡᠮᠵᠢᠶ᠎ᠡ ᠶᠢ ᠲᠣᠭᠲᠠᠭᠠᠨ᠂ ᠬᠢᠨᠠᠨ ᠲᠣᠭᠲᠠᠭᠠᠬᠤ | ᠺᠣᠮᠢᠰ ᠢᠶᠠᠷ ᠬᠢᠨᠠᠨ ᠲᠣᠭᠲᠠᠭᠠᠯᠭᠠᠭᠰᠠᠨ ᠤ ᠳᠠᠷᠠᠭ᠎ᠠ ᠴᠠᠭ ᠲᠤᠬᠠᠶ ᠳᠤᠨᠢ ᠵᠢᠭᠡᠯᠡᠯᠭᠡ ᠲᠠᠯᠪᠢᠨ᠎ᠠ᠃ ᠬᠤᠶᠠᠷ ᠲᠤ᠂ | ᠳᠤᠮᠳᠠ ᠬᠤᠭᠤᠴᠠᠭᠠᠨ ᠤ ᠪᠠᠶᠢᠴᠠᠭᠠᠯᠲᠠ ᠶᠢ ᠲᠡᠭᠦᠯᠳᠡᠷᠵᠢᠭᠦᠯᠦᠨ᠎ᠡ᠃ ᠲᠥᠪ ᠠᠴᠠ ᠲᠣᠭᠲᠠᠮᠠᠯ ᠬᠤᠭᠤᠴᠠᠭ᠎ᠠ ᠲᠠᠢ ᠪᠠᠷ | ᠵᠢᠭᠡᠯᠡᠯᠭᠡ ᠲᠠᠯᠪᠢᠬᠤ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠵᠦ᠂ ᠵᠢᠭᠡᠯᠡᠯᠭᠡ ᠶᠢᠨ ᠲᠦᠭᠰᠢᠭᠦᠷᠢ ᠶᠢᠨ | ᠬᠠᠮᠢᠶᠠᠷᠤᠯᠲᠠ ᠶᠢ ᠴᠢᠩᠭᠠᠳᠬᠠᠨ᠂ ᠵᠢᠭᠡᠯᠡᠯᠭᠡ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠭᠤᠷᠪᠠ ᠳᠤ ᠵᠢᠭᠡᠯᠡᠯᠭᠡ ᠶᠢᠨ ᠳᠠᠷᠠᠭᠠᠬᠢ ᠦᠢᠯᠡᠴᠢᠯᠡᠭᠡᠨ ᠤ ᠲᠣᠭᠲᠠᠴᠠ ᠶᠢ ᠪᠦᠷᠢᠨᠰᠢᠭᠦᠯᠦᠨ᠎ᠡ᠃ ᠵᠢᠭᠡᠯᠡᠯᠭᠡ ᠶᠢᠨ | ᠬᠤᠭᠤᠴᠠᠭ᠎ᠠ ᠨᠢ ᠲᠦᠷᠭᠡᠨ ᠪᠣᠯᠣᠭᠰᠠᠨ ᠠᠵᠤ ᠠᠬᠤᠶᠢᠯᠠᠯ ᠢ ᠬᠠᠷᠢᠭᠤ ᠰᠤᠷᠪᠤᠯᠵᠢᠯᠠᠵᠤ᠂ ᠬᠠᠷᠢᠭᠤ ᠰᠤᠷᠪᠤᠯᠵᠢᠯᠠᠬᠤ | ᠡᠬᠡ ᠲᠠᠩᠰᠠ ᠪᠠᠶᠢᠭᠤᠯᠤᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ᠂ ᠠᠵᠤ | ᠠᠬᠤᠶᠢᠯᠠᠯ ᠤᠨ ᠬᠤᠶᠢᠰᠢᠳᠠ ᠶᠢᠨ ᠬᠥᠭᠵᠢᠯᠲᠡ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠵᠢᠴᠢ ᠪᠠᠯᠠ | ᠮᠥᠩᠭᠦ ᠶᠢᠨ ᠪᠠᠲᠤᠯᠠᠭ᠎ᠠ ᠬᠠᠩᠭᠠᠨ᠎ᠠ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ | ᠲᠥᠪ ᠨᠢ ᠠᠳᠠᠯ ᠦᠢᠯᠡᠰ ᠴᠣᠭᠴᠠᠯᠠᠬᠤ ᠵᠢᠭᠡᠯᠡᠯᠭᠡ ᠶᠢᠨ ᠠᠵᠢᠯ ᠤᠨ ᠦᠢᠯᠡᠴᠢᠯᠡᠭᠡ ᠵᠢᠴᠢ ᠬᠢᠨᠠᠯᠲᠠ ᠲᠠᠯᠪᠢᠬᠤ | ᠦᠢᠯᠡᠳᠦᠯ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠭᠠᠷᠲᠠᠨ ᠡᠷᠬᠢᠯᠡᠬᠦ ᠪᠠᠩᠬᠢ ᠯᠤᠭ᠎ᠠ ᠦᠷᠭᠦᠯᠵᠢᠯᠡᠨ | ᠭᠦᠨᠵᠡᠭᠡᠶ ᠬᠠᠮᠲᠤᠷᠠᠯᠴᠠᠵᠤ᠂ ᠠᠳᠠᠯ ᠦᠢᠯᠡᠰ ᠴᠣᠭᠴᠠᠯᠠᠬᠤ ᠳᠠᠭᠠᠭᠠᠯᠲᠠ ᠶᠢᠨ ᠵᠢᠭᠡᠯᠡᠯᠭᠡ ᠶᠢᠨ ᠠᠵᠢᠯ ᠢ ᠭᠥᠯᠢᠶᠡᠨ | ᠠᠪᠴᠤ ᠰᠢᠢᠳᠪᠦᠷᠢᠯᠡᠬᠦ᠂ ᠭᠠᠷᠲᠠᠨ ᠭᠦᠢᠴᠡᠳᠬᠡᠬᠦ᠂ ᠬᠢᠨᠠᠨ ᠬᠠᠷᠭᠤᠭᠤᠯᠬᠤ ᠶᠠᠪᠤᠴᠠ ᠳᠤ ᠬᠢᠨᠠᠯᠲᠠ ᠲᠠᠯᠪᠢᠵᠤ | ᠪᠣᠭᠤᠮᠲᠠ ᠰᠠᠬᠢᠬᠤ ᠬᠠᠨᠳᠤᠯᠭᠠᠲᠤ ᠴᠢᠨᠠᠷ ᠪᠠ ᠪᠦᠲᠦᠮᠵᠢᠲᠦ ᠴᠢᠨᠠᠷ ᠢ ᠴᠢᠩᠭᠠᠷᠠᠭᠤᠯᠵᠤ᠂ ᠭᠠᠷᠲᠠᠨ ᠭᠦᠢᠴᠡᠳᠬᠡᠬᠦ | ᠪᠠᠩᠬᠢ ᠲᠠᠢ ᠶᠡᠷᠦᠩᠬᠡᠶᠢᠯᠡᠨ ᠬᠢᠨᠠᠯᠲᠠ ᠲᠠᠯᠪᠢᠵᠤ᠂ ᠬᠠᠮᠲᠤᠷᠠᠨ ᠰᠡᠷᠭᠡᠶᠢᠯᠡᠵᠦ᠂ ᠠᠳᠠᠯ ᠦᠢᠯᠡᠰ ᠴᠣᠭᠴᠠᠯᠠᠬᠤ | ᠳᠠᠭᠠᠭᠠᠯᠲᠠ ᠶᠢᠨ ᠵᠢᠭᠡᠯᠡᠯᠭᠡ ᠶᠢᠨ ᠦᠢᠯᠡᠳᠦᠯ ᠢ ᠤᠯᠠᠮ ᠨᠢᠭᠡ ᠠᠯᠬᠤᠮ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ | ᠤᠬᠠᠭᠤᠯᠭ᠎ᠠ ᠬᠢᠵᠦ ᠬᠥᠲᠥᠯᠥᠨ ᠵᠢᠯᠣᠭᠤᠳᠴᠤ ᠪᠠᠶᠢᠭᠠᠳ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ | ᠠᠬᠢᠭᠤᠯᠵᠤ᠂ ︽ᠤᠷᠢᠬᠠᠨ ᠰᠠᠯᠬᠢᠨ ᠤ ᠠᠵᠢᠯᠯᠠᠭ᠎ᠠ︾ ᠶᠢᠨ ᠠᠵᠢᠯᠲᠠᠨ ᠡᠯᠰᠡᠬᠦ ᠴᠤᠭᠯᠠᠭᠠᠨ᠂ ᠵᠢᠭᠡᠯᠡᠯᠭᠡ ᠲᠠᠯᠪᠢᠬᠤ ᠠᠴᠠ | ᠡᠮᠦᠨ᠎ᠡ ᠪᠠᠶᠢᠴᠠᠭᠠᠯᠲᠠ ᠬᠢᠬᠦ ᠵᠡᠷᠭᠡ ᠠᠷᠭ᠎ᠠ ᠮᠠᠶ᠋ᠢᠭ ᠢ ᠠᠰᠢᠭᠯᠠᠨ᠂ ᠲᠣᠰ ᠲᠥᠷᠥ ᠶᠢᠨ ᠪᠣᠳᠣᠯᠭ᠎ᠠ ᠶᠢ ᠲᠦᠭ ᠲᠦᠮᠡᠨ | ᠠᠶᠢᠯ ᠡᠷᠦᠬᠡ ᠳᠤ ᠬᠦᠷᠲᠡᠭᠡᠨ᠎ᠡ᠃ | | | |