ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠵᠦ ᠬᠠᠩᠭᠠᠬᠤ ᠲᠥᠪ ᠤᠨ ᠲᠥᠷᠥᠯ ᠵᠦᠢᠯ ᠵᠢᠩᠬᠢᠨᠢ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/2/20
      ᠤᠰᠤᠨ ᠤ ᠡᠬᠢ ᠪᠠᠶᠠᠯᠢᠭ ᠢ ᠲᠥᠪᠯᠡᠷᠡᠭᠦᠯᠦᠨ ᠰᠢᠢᠳᠪᠦᠷᠢᠯᠡᠵᠦ ᠬᠠᠩᠭᠠᠬᠤ ᠲᠥᠪ ᠤᠨ ᠲᠥᠷᠥᠯ ᠵᠦᠢᠯ ᠨᠢ ᠪᠤᠭᠤᠲᠤ ᠶᠢᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠣᠷᠣᠨ ᠤ ᠳᠣᠲᠣᠷ᠎ᠠ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠶ ᠪᠠᠯᠠ ᠣᠷᠣᠭᠤᠯᠤᠯᠲᠠ ᠨᠢ ᠪᠠᠷᠤᠭ 8.5 ᠳ᠋ᠦᠩᠰᠢᠭᠤᠷ ᠲᠥᠭᠦᠷᠢᠭ ᠪᠠᠶᠢᠵᠤ᠂ 2025 ᠣᠨ ᠳᠤ 2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠪᠠᠷᠤᠭ 166.7 ᠮᠥ ᠲᠠᠯᠠᠪᠠᠶ ᠡᠵᠡᠯᠡᠵᠦ᠂ ᠭᠤᠤᠯᠳᠠᠭᠤ ᠲᠣᠬᠢᠷᠠᠭᠤᠯᠤᠨ ᠳᠡᠭᠡᠭᠰᠢᠯᠡᠭᠦᠯᠬᠦ ᠬᠥᠭᠡᠷᠭᠡ ᠶᠢᠨ ᠭᠡᠷ᠂ ᠠᠳᠡᠯ ᠤᠨ ᠲᠠᠲᠠᠭᠠᠯ᠂ ᠰᠡᠷᠡᠯ ᠵᠢᠴᠢ ᠡᠷᠭᠢᠯᠳᠦᠭᠡ ᠤᠷᠤᠰᠬᠠᠯ ᠤᠨ ᠵᠢᠪᠳᠡᠭ ᠰᠠᠭᠤᠯᠭᠠᠬᠤ ᠴᠥᠭᠦᠷᠥᠮ ᠵᠡᠷᠭᠡ 20 ᠭᠠᠷᠤᠶ ᠳᠠᠩ ᠴᠣᠭᠴᠠ ᠶᠢ ᠪᠠᠭᠲᠠᠭᠠᠵᠤ᠂ ᠰᠠᠯᠬᠢᠨ ᠦᠯᠢᠶᠡᠬᠦ ᠮᠠᠰᠢᠨ ᠤ ᠭᠡᠷ᠂ ᠬᠦᠴᠦᠳᠡᠯ ᠥᠭᠡᠷᠡᠴᠢᠯᠡᠬᠦ ᠲᠠᠰᠤᠭ ᠵᠡᠷᠭᠡ ᠪᠤᠰᠤᠳ ᠬᠠᠮᠢᠶ᠎ᠠ ᠪᠦᠬᠦᠢ ᠲᠥᠬᠦᠭᠡᠷᠦᠮᠵᠢ ᠶᠢ ᠢᠵᠢ ᠪᠦᠷᠢᠳᠦᠭᠦᠯᠵᠦ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ ᠴᠢᠳᠠᠪᠤᠷᠢ ᠨᠢ ᠡᠳᠦᠷ ᠲᠤ 6.5 ᠲᠦᠮᠡᠨ ᠪᠣᠰᠤᠭ᠎ᠠ ᠳᠥᠷᠪᠡᠯᠵᠢᠨ ᠮᠧᠲᠷ ᠪᠠᠶᠢᠵᠤ᠂ ᠳᠠᠬᠢᠯᠲᠠ ᠤᠰᠤ ᠶᠢ ᠭᠦᠨᠵᠡᠭᠡᠶ ᠰᠢᠢᠳᠪᠦᠷᠢᠯᠡᠬᠦ ᠴᠢᠳᠠᠪᠤᠷᠢ ᠨᠢ 9 ᠲᠦᠮᠡᠨ ᠪᠣᠰᠤᠭ᠎ᠠ ᠳᠥᠷᠪᠡᠯᠵᠢᠨ ᠮᠧᠲᠷ ᠪᠣᠯᠤᠨ᠎ᠠ᠃ ᠲᠥᠷᠥᠯ ᠵᠦᠢᠯ ᠢ ᠴᠤᠭᠯᠠᠭᠤᠯᠵᠤ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠲᠤ ᠠᠵᠤ ᠠᠬᠤᠶᠢᠯᠠᠯ ᠤᠨ ᠪᠣᠬᠢᠷ ᠤᠰᠤ ᠵᠢᠴᠢ ᠬᠤᠩ ᠶᠤᠸᠠᠨ ᠲᠠᠪᠤᠳᠤᠭᠠᠷ ᠬᠤᠭᠤᠴᠠᠭᠠᠨ ᠤ ᠠᠵᠤ ᠦᠢᠯᠡᠳᠪᠦᠷᠢ ᠶᠢᠨ ᠪᠣᠬᠢᠷ ᠤᠰᠤ ᠴᠤᠭᠯᠠᠭᠤᠯᠬᠤ ᠶᠢᠨ ᠬᠠᠮᠲᠤ ᠰᠢᠢᠳᠪᠦᠷᠢᠯᠡᠭᠰᠡᠨ ᠤ ᠳᠠᠷᠠᠭᠠᠬᠢ ᠳᠠᠬᠢᠯᠲᠠ ᠤᠰᠤ ᠶᠢ ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠪᠠ ᠬᠤᠲᠠ ᠶᠢᠨ ᠶᠠᠪᠤᠳᠠᠯ ᠤᠨ ᠨᠣᠭᠤᠭᠠᠷᠠᠭᠤᠯᠤᠯᠲᠠ ᠳᠤ ᠡᠭᠡᠭᠦᠯᠦᠨ ᠬᠡᠷᠡᠭᠯᠡᠵᠦ᠂ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠤᠰᠤ ᠬᠡᠷᠡᠭᠯᠡᠬᠦ ᠪᠣᠭᠤᠮᠢ ᠶᠢ ᠲᠦᠢᠯᠪᠤᠷᠢᠲᠠᠶ ᠰᠢᠢᠳᠪᠦᠷᠢᠯᠡᠨ᠎ᠡ᠃      ᠣᠳᠣᠬᠠᠨ ᠳᠤ᠂ ᠲᠥᠷᠥᠯ ᠵᠦᠢᠯ ᠢ ᠨᠢᠭᠡᠨᠲᠡ ᠲᠤᠷᠰᠢᠨ ᠠᠵᠢᠯᠯᠠᠭᠤᠯᠵᠤ᠂ ᠡᠳᠦᠷ ᠪᠦᠷᠢ ᠶᠢᠨ ᠠᠵᠤ ᠦᠢᠯᠡᠳᠪᠦᠷᠢ ᠶᠢᠨ ᠪᠣᠬᠢᠷ ᠤᠰᠤ ᠶᠢ ᠰᠢᠢᠳᠪᠦᠷᠢᠯᠡᠬᠦ 6.5 ᠲᠦᠮᠡᠨ ᠪᠣᠰᠤᠭ᠎ᠠ ᠳᠥᠷᠪᠡᠯᠵᠢᠨ ᠮᠧᠲᠷ ᠴᠢᠳᠠᠪᠤᠷᠢ ᠶᠢ ᠪᠦᠷᠢᠯᠳᠦᠭᠦᠯᠵᠦ᠂ 9 ᠲᠦᠮᠡᠨ ᠪᠣᠰᠤᠭ᠎ᠠ ᠳᠥᠷᠪᠡᠯᠵᠢᠨ ᠮᠧᠲᠷ / ᠡᠳᠦᠷ ᠳᠠᠬᠢᠯᠲᠠ ᠤᠰᠤ ᠶᠢ ᠭᠦᠨᠵᠡᠭᠡᠢ ᠰᠢᠢᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠵᠢᠩ ᠤᠤ᠂ ᠬᠤᠩ ᠶᠤᠸᠠᠨ᠂ ᠠᠲ᠋ᠧᠰ ᠭᠤᠷᠪᠠᠨ ᠠᠵᠤ ᠠᠬᠤᠶᠢᠯᠠᠯ ᠲᠠᠢ ᠤᠰᠤ ᠵᠠᠯᠠᠬᠤ ᠬᠡᠯᠡᠯᠴᠡᠭᠡᠷ ᠲᠣᠭᠲᠠᠵᠤ᠂ 2025 ᠣᠨ ᠤ 2 ᠳ᠋ᠤᠭᠠᠷ ᠰᠠᠷ᠎ᠠ ᠶᠢᠨ 13᠎ ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠵᠦ᠂ ᠦᠢᠯᠡᠳᠪᠦᠷᠢ ᠶᠢᠨ ᠲᠣᠭᠤᠷᠢᠭ ᠤᠨ ᠵᠠᠮ ᠵᠢᠴᠢ ᠬᠠᠮᠢᠶ᠎ᠠ ᠪᠦᠬᠦᠢ ᠰᠡᠭᠦᠯ ᠬᠤᠷᠢᠶᠠᠬᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠦᠢᠯᠡᠳᠪᠦᠷᠢᠯᠡᠯ ᠠᠮᠢᠳᠤᠷᠠᠯ ᠤᠨ ᠤᠰᠤ ᠬᠡᠷᠡᠭᠯᠡᠬᠦ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ ᠪᠠᠲᠤᠯᠠᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号