ᠰᠡᠳᠭᠢᠯ ᠢ ᠳᠤᠯᠠᠭᠠᠴᠠᠭᠤᠯᠬᠤ ᠨᠡᠶᠢᠭᠡᠮ ᠤᠨ ᠳᠠᠭᠠᠳᠬᠠᠯ ᠠᠷᠠᠳ ᠲᠤ ᠠᠰᠢᠭ ᠬᠦᠷᠲᠡᠭᠡᠵᠦ ᠦᠨᠳᠦᠰᠦᠲᠡᠨ ᠤ ᠠᠮᠤᠷ ᠠᠮᠤᠭᠤᠯᠠᠩ ᠬᠦᠰᠡᠯ ᠢ ᠬᠠᠮᠲᠤᠪᠠᠷ ᠴᠤᠭᠴᠠᠯᠠᠨ᠎ᠠ
ᠨᠡᠶᠢᠲᠡᠯᠡᠭᠰᠡᠨ ᠴᠠᠭ᠄
2025/2/21
      ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠡᠨᠡ ᠬᠦ ᠭᠤᠣᠯ ᠰᠢᠵᠢᠮ ᠢ ᠪᠠᠲᠤ ᠡᠵᠡᠮᠳᠡᠵᠦ᠂ ᠨᠡᠶᠢᠭᠡᠮ ᠤᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡᠨ ᠤ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃      ᠨᠢᠭᠡ᠂ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠶᠢᠨ ᠰᠠᠭᠤᠷᠢ ᠶᠢ ᠪᠠᠬᠢᠵᠢᠭᠦᠯᠦᠨ᠎ᠡ᠃ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠪᠣᠯᠣᠨ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠲᠡᠨ ᠨᠦᠭᠦᠳ ᠤᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠤᠨ᠎ᠠ᠃ ᠡᠯ᠎ᠡ ᠦᠨᠳᠦᠰᠦᠲᠡᠨ ᠤ ᠣᠯᠠᠨ ᠲᠦᠮᠡᠨ ᠳᠤ ᠨᠡᠶᠢᠭᠡᠮ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠲᠡᠳᠡᠨᠤᠰ ᠳᠤ ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ ᠢᠲᠡᠭᠡᠯ ᠵᠣᠷᠢᠭ ᠢ ᠨᠠᠩ ᠪᠠᠲᠤᠳᠬᠠᠵᠤ᠂ ᠨᠡᠶᠢᠭᠡᠮ ᠤᠨ ᠲᠣᠭᠲᠠᠭᠤᠨ ᠪᠠ ᠦᠨᠳᠦᠰᠦᠲᠡᠨ ᠤ ᠪᠦᠯᠬᠦᠮᠳᠡᠯ ᠤᠨ ᠣᠯᠠᠨ ᠲᠦᠮᠡᠨ ᠤ ᠰᠠᠭᠤᠷᠢ ᠶᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ 2025 ᠣᠨ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠭᠤᠷᠪᠠ ᠤᠳᠠᠭ᠎ᠠ ᠥᠷᠨᠢᠭᠦᠯᠵᠦ᠂ ᠤᠬᠠᠭᠤᠯᠭ᠎ᠠ ᠶᠢᠨ ᠭᠠᠷ ᠳᠡᠪᠲᠡᠷ ᠢ ᠲᠠᠪᠤᠨ ᠵᠠᠭᠤ ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠮᠢᠩᠭ᠎ᠠ ᠲᠠᠪᠤᠨ ᠵᠠᠭᠤ ᠭᠠᠷᠤᠢ ᠬᠥᠮᠥᠨ ᠠᠰᠠᠭᠤᠨ ᠯᠠᠪᠯᠠᠪᠠ᠃      ᠬᠤᠶᠠᠷ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠴᠢᠬᠤᠯᠠᠴᠢᠯᠠᠵᠤ᠂ ᠨᠡᠶᠢᠭᠡᠮ ᠤᠨ ᠳᠠᠭᠠᠳᠬᠠᠯ ᠤᠨ ᠪᠦᠷᠬᠦᠴᠡ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠦᠨᠳᠦᠰᠦᠲᠡᠨ ᠤ ᠪᠦᠯᠬᠦᠮᠳᠡᠯ ᠤᠨ ᠠᠵᠢᠯ ᠢ ᠠᠬᠢᠭᠤᠯᠬᠤ ᠬᠦᠴᠦᠯᠡᠬᠦ ᠴᠡᠭ ᠪᠣᠯᠭᠠᠬᠤ ᠶᠢ ᠢᠮᠠᠭᠲᠠ ᠪᠠᠷᠢᠮᠲᠠᠯᠠᠨ᠎ᠠ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠠᠯ᠎ᠠ ᠳᠤ ᠬᠠᠮᠵᠢᠯᠴᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠥᠨᠳᠥᠷ ᠪᠦᠲᠦᠮᠵᠢᠲᠡᠢ ᠠᠬᠢᠭᠤᠯᠤᠨ᠎ᠠ᠃ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠤ ᠠᠬᠤᠶᠢᠯᠠᠯ ᠵᠢᠴᠢ ᠠᠮᠢᠳᠤᠯᠢᠭ ᠢᠶᠠᠷ ᠠᠵᠢᠯ ᠣᠯᠤᠭᠰᠠᠳ ᠤᠨ ᠣᠨᠴᠠᠯᠢᠭ ᠲᠤ ᠴᠢᠭᠯᠡᠭᠦᠯᠦᠨ᠂ ᠰᠦᠯᠵᠢᠶᠡᠨ ᠳᠡᠭᠡᠷ᠎ᠡ ᠲᠢᠭ᠋ ᠲᠤᠭ ᠨᠡᠪᠲᠡᠷᠡᠭᠦᠯᠭᠡ᠂ ᠸᠢᠴᠠᠲ ᠤᠨ ᠣᠯᠠᠨ ᠨᠡᠶᠢᠲᠡ ᠶᠢᠨ ᠳ᠋ᠤᠭᠠᠷ ᠵᠡᠷᠭᠡ ᠬᠡᠯᠪᠡᠷᠢ ᠪᠠᠷ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠰᠦᠯᠵᠢᠶᠡᠨ ᠭᠠᠳᠠᠨ᠎ᠠ ᠲᠥᠷᠥ ᠶᠢᠨ ᠪᠣᠳᠣᠯᠭ᠎ᠠ ᠶᠢᠨ ᠠᠰᠠᠭᠤᠨ ᠯᠠᠪᠯᠠᠬᠤ ᠲᠠᠪᠴᠠᠩ ᠪᠠᠶᠢᠭᠤᠯᠬᠤ ᠵᠡᠷᠭᠡ ᠬᠡᠯᠪᠡᠷᠢ ᠪᠠᠷ ᠣᠯᠠᠨ ᠲᠦᠮᠡᠨ ᠲᠠᠢ ᠨᠢᠭᠤᠷᠲᠠᠨ ᠤᠬᠠᠭᠤᠯᠬᠤ ᠠᠵᠢᠯ ᠢ ᠥᠷᠨᠢᠭᠦᠯᠵᠦ᠂ ᠣᠯᠠᠨ ᠲᠦᠮᠡᠨ ᠢ ᠬᠠᠪᠰᠤᠷᠤᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠨᠡᠶᠢᠭᠡᠮ ᠤᠨ ᠪᠠᠲᠤᠯᠠᠭ᠎ᠠ ᠶᠢᠨ ᠡᠷᠬᠡ ᠠᠰᠢᠭ ᠢ ᠪᠦᠲᠦᠮᠵᠢᠲᠡᠶ ᠬᠠᠮᠠᠭᠠᠯᠠᠨ᠎ᠠ᠃ 2025 ᠣᠨ ᠳᠤ ᠰᠦᠯᠵᠢᠶᠡᠨ ᠳᠡᠭᠡᠷ᠎ᠡ ᠵᠢᠷᠭᠤᠭ᠎ᠠ ᠤᠳᠠᠭ᠎ᠠ ᠰᠢᠭᠤᠳ ᠨᠡᠪᠲᠡᠷᠡᠭᠦᠯᠬᠦ ᠠᠵᠢᠯ ᠢ ᠥᠷᠨᠢᠭᠦᠯᠵᠦ᠂ ᠨᠡᠶᠢᠲᠡ 1.2 ᠲᠦᠮᠡᠨ ᠬᠥᠮᠦᠨ ᠰᠣᠨᠢᠷᠬᠠᠪᠠ᠃      ᠭᠤᠷᠪᠠ᠂ ︽ᠤᠯᠤᠰ ᠤᠨ ᠶᠡᠭᠡ ᠶᠠᠪᠤᠳᠠᠯ︾᠎ ᠢ ᠪᠠᠲᠤ ᠴᠡᠭᠡᠵᠢᠯᠡᠵᠦ᠂ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠦᠨ᠎ᠡ᠃ ᠪᠢᠳᠡ ᠠᠷᠠᠳ ᠲᠦᠮᠡᠨ ᠢᠶᠠᠷ ᠭᠤᠣᠯ ᠪᠣᠯᠭᠠᠭᠰᠠᠨ ᠥᠭᠡᠷᠡᠴᠢᠯᠡᠯᠲᠡ ᠶᠢᠨ ᠦᠷᠳᠡᠭ ᠤᠨ ᠬᠠᠨᠳᠤᠰᠢ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠬᠠᠮᠤᠭ ᠤᠨ ᠰᠢᠭᠤᠳ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠴᠢᠩᠭ᠎ᠠ ᠠᠳᠬᠤᠵᠤ᠂ ᠴᠢᠳᠠᠯ ᠢᠶᠠᠷ ᠢᠶᠠᠨ ᠴᠢᠷᠮᠠᠶᠢᠵᠤ᠂ ᠴᠢᠳᠠᠯ ᠤᠨ ᠢᠶᠠᠨ ᠬᠢᠷᠢ ᠪᠠᠷ ᠬᠢᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠨᠡᠩ ᠭᠦᠢᠴᠡᠳ᠂ ᠨᠡᠩ ᠪᠠᠲᠤᠯᠠᠭ᠎ᠠ ᠲᠠᠢ᠂ ᠨᠡᠩ ᠦᠷᠭᠦᠯᠵᠢᠯᠡᠭᠦᠯᠦᠨ᠎ᠡ᠃ ᠴᠢᠩᠱᠠᠨ ᠲᠣᠭᠤᠷᠢᠭ ᠤᠨ ᠨᠡᠶᠢᠭᠡᠮ ᠤᠨ ᠳᠠᠭᠠᠳᠬᠠᠯ ᠤᠨ ᠦᠢᠯᠡᠰ ᠤᠨ ᠦᠢᠯᠡᠴᠢᠯᠡᠭᠡᠨ ᠤ ᠲᠥᠪ ᠨᠢ ︽ᠰᠦᠯᠵᠢᠶᠡᠨ ᠭᠠᠳᠠᠨ᠎ᠠ ᠨᠢᠭᠡ ᠴᠣᠩᠬᠤᠪᠴᠢ ᠪᠠᠷ ᠭᠦᠢᠴᠡᠳᠬᠡᠬᠦ︾ ᠦᠢᠯᠡᠴᠢᠯᠡᠭᠡᠨ ᠤ ᠵᠠᠭᠪᠤᠷ ᠢ ᠬᠡᠷᠡᠭᠵᠢᠭᠦᠯᠵᠦ᠂ 2025 ᠣᠨ ᠤ 1 ᠳ᠋ᠦ᠋ᠭᠡᠷ ᠰᠠᠷ᠎ᠠ ᠪᠣᠯᠲᠠᠯ᠎ᠠ᠂ ᠲᠤᠬᠠᠶᠢᠯᠠᠭᠰᠠᠨ ᠠᠵᠢᠯ 142331 ᠭᠥᠯᠢᠶᠡᠨ ᠠᠪᠴᠤ ᠰᠢᠢᠳᠪᠦᠷᠢᠯᠡᠵᠦ᠂ 135808 ᠬᠤᠪᠢ ᠲᠤᠬᠠᠶᠢᠯᠠᠭᠰᠠᠨ ᠠᠵᠢᠯ ᠢ ᠰᠢᠢᠳᠪᠦᠷᠢᠯᠡᠨ ᠳᠠᠭᠤᠰᠬᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 95% ᠪᠣᠯᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号