ᠣᠳᠣᠬᠠᠨ ᠳᠤ ᠶᠠᠭ ᠴᠠᠭᠠᠨ ᠰᠠᠷ᠎ᠠ ᠶᠢᠨ ᠳᠠᠷᠠᠭᠠᠬᠢ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠣᠷᠭᠢᠯ ᠦᠶ᠎ᠡ ᠪᠠᠶᠢᠵᠤ᠂ ᠠᠶᠤᠯᠭᠦᠢ ᠦᠢᠯᠡᠳᠪᠦᠷᠢᠯᠡᠯ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ ᠪᠠᠶᠢᠨ᠎ᠠ᠃ | ᠴᠢᠩᠱᠠᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠲᠡᠮᠦᠷᠯᠢᠭ | ᠬᠠᠶᠢᠯᠤᠭᠤᠯᠬᠤ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ | ᠰᠠᠨᠠᠭᠠᠴᠢᠯᠠᠭ᠎ᠠ ᠠᠴᠠ ᠪᠠᠨ ᠭᠡᠷ ᠲᠤᠨᠢ ᠬᠦᠷᠴᠦ ᠦᠢᠯᠡᠴᠢᠯᠡᠬᠦ ᠶᠢ ᠯᠠᠪᠳᠠᠭᠤᠨ ᠪᠠᠲᠤᠲᠠᠶ ᠥᠷᠨᠢᠭᠦᠯᠵᠦ᠂ ᠠᠵᠤ | ᠠᠬᠤᠶᠢᠯᠠᠯ ᠤᠨ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ | ᠵᠢᠯᠣᠭᠤᠳᠴᠤ᠂ ᠠᠮᠤᠷ ᠲᠦᠪᠰᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠬᠦ ᠪᠠ ᠰᠡᠷᠭᠡᠶᠢᠯᠡᠵᠦ᠂ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ︽ᠵᠢᠷᠭᠤᠭᠠᠨ ᠨᠢᠭᠡ︾ ᠶᠢᠨ ᠱᠠᠭᠠᠷᠳᠠᠯᠭ᠎ᠠ ᠶᠢ | ᠦᠨᠳᠦᠰᠦᠯᠡᠨ᠂ ︽ᠠᠮᠤᠷ ᠲᠦᠪᠰᠢᠨ ᠤ ᠠᠵᠢᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠣᠯ ᠠᠵᠢᠯᠯᠠᠬᠤ ᠥᠬᠡᠶ᠂ | ᠠᠶᠦᠯᠭᠦᠢ ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠡᠳᠦᠶ ᠪᠣᠯ ᠦᠢᠯᠡᠳᠪᠦᠷᠢᠯᠡᠬᠦ ᠥᠬᠡᠶ︾ ᠪᠠᠶᠢᠬᠤ ᠶᠢ | ᠡᠷᠡᠰ ᠪᠡᠶᠡᠯᠡᠭᠦᠯᠦᠨ᠎ᠡ᠃ | ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠡᠮᠦᠨᠡᠬᠢ ᠬᠤᠭᠤᠴᠠᠭᠠᠨ ᠳᠤ᠂ ᠴᠢᠩᠱᠠᠨ | ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠠᠮᠤᠷ ᠲᠦᠪᠰᠢᠨ ᠤ ᠪᠠᠶᠢᠴᠠᠭᠠᠯᠲᠠ ᠶᠢᠨ ᠨᠠᠷᠢᠨ ᠲᠥᠰᠦᠯ ᠢ ᠲᠣᠭᠲᠠᠭᠠᠵᠤ᠂ | ᠪᠠᠶᠢᠴᠠᠭᠠᠯᠲᠠ ᠶᠢᠨ ᠭᠤᠣᠯᠳᠠᠯᠭ᠎ᠠ ᠪᠣᠯᠤᠨ ᠶᠠᠪᠤᠴᠠ ᠶᠢ ᠲᠣᠳᠣᠷᠬᠠᠶᠢᠯᠠᠪᠠ᠃ ᠡᠭᠦᠨ ᠤ ᠬᠠᠮᠲᠤ᠂ ᠰᠦᠯᠵᠢᠶᠡᠨ | ᠳᠡᠭᠡᠷᠡᠬᠢ ᠪᠠ ᠰᠦᠯᠵᠢᠶᠡᠨ ᠭᠠᠳᠠᠨᠠᠬᠢ ᠶᠢ ᠬᠠᠷᠢᠯᠴᠠᠨ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠠᠶᠤᠯᠭᠦᠶ ᠦᠢᠯᠡᠳᠪᠦᠷᠢᠯᠡᠯ ᠤᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠥᠷᠨᠢᠭᠦᠯᠵᠦ᠂ ᠠᠮᠤᠷ ᠲᠦᠪᠰᠢᠨ ᠤ | ᠮᠡᠳᠡᠯᠭᠡ ᠶᠢ ᠲᠦᠭᠡᠮᠡᠯᠵᠢᠭᠦᠯᠦᠨ᠂ ᠠᠶᠤᠯᠭᠦᠶ ᠦᠢᠯᠡᠳᠪᠦᠷᠢᠯᠡᠯ ᠤᠨ ᠴᠢᠬᠤᠯᠠ ᠴᠢᠨᠠᠷ ᠢ ᠴᠢᠬᠤᠯᠠᠴᠢᠯᠠᠪᠠ᠃ | ᠡᠭᠦᠨ ᠠᠴᠠ ᠭᠠᠳᠠᠨ᠎ᠠ᠂ ᠬᠡᠰᠡᠭ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠶᠠᠪᠤᠴᠠ ᠳᠤ ᠲᠤᠯᠭᠠᠷᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢᠨ ᠬᠦᠴᠢᠷ ᠠᠰᠠᠭᠤᠳᠠᠯ ᠳᠤ | ᠴᠢᠭᠯᠡᠭᠦᠯᠦᠨ᠂ ᠲᠤᠰᠬᠠᠶ ᠮᠡᠷᠭᠡᠵᠢᠯᠲᠡᠨ ᠢ ᠤᠷᠢᠵᠤ ᠲᠤᠬᠠᠶ ᠶᠢᠨ ᠭᠠᠵᠠᠷ ᠲᠤᠨᠢ ᠬᠠᠮᠲᠤᠷᠠᠨ ᠣᠨᠣᠰᠢᠯᠠᠭᠤᠯᠵᠤ᠂ | ᠬᠠᠨᠳᠤᠯᠭᠠᠲᠤ ᠴᠢᠨᠠᠷᠲᠠᠶ ᠰᠢᠢᠳᠪᠦᠷᠢᠯᠡᠬᠦ ᠲᠥᠰᠦᠯ ᠳᠤᠷᠠᠳᠤᠨ ᠭᠠᠷᠭᠠᠪᠠ᠃ ᠴᠢᠩᠱᠠᠨ ᠲᠣᠭᠤᠷᠢᠭ ᠤᠨ ᠪᠠᠴᠢᠮ | ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠨᠢ | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠳᠤ ᠪᠠᠲᠤ ᠪᠠᠬᠢ ᠠᠮᠤᠷ | ᠲᠦᠪᠰᠢᠨ ᠤ ᠪᠠᠲᠤᠯᠠᠭ᠎ᠠ ᠬᠠᠩᠭᠠᠭᠰᠠᠨ ᠠᠴᠠ ᠬᠤᠶᠢᠰᠢ ᠪᠠᠰᠠ ᠠᠵᠤ ᠠᠬᠤᠶᠢᠯᠠᠯ ᠤᠨ ᠦᠢᠯᠡᠳᠪᠦᠷᠢᠯᠡᠯ ᠤᠨ | ᠪᠠᠶᠢᠳᠠᠯ ᠢ ᠦᠷᠭᠦᠯᠵᠢᠯᠡᠨ ᠠᠩᠬᠠᠷᠴᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠣᠯᠤᠨ ᠦᠢᠯᠡᠴᠢᠯᠡᠭᠡᠨ ᠤ | ᠠᠵᠢᠯ ᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠦᠬᠦ ᠲᠤᠭᠤᠷᠢᠭ ᠤᠨ ᠠᠵᠤ ᠠᠬᠤᠢ ᠶᠢᠨ ᠲᠣᠭᠲᠠᠭᠤᠨ | ᠬᠥᠭᠵᠢᠯᠲᠡ ᠶᠢ ᠪᠠᠲᠤᠯᠠᠬᠤ ᠪᠣᠯᠤᠨ᠎ᠠ᠃ | | | | | | |