2 ᠰᠠᠷ᠎ᠠ ᠶᠢᠨ 20 ᠤ ᠡᠳᠦᠷ᠂ ᠴᠢᠩᠱᠠᠨ ᠲᠣᠭᠤᠷᠢᠭ ᠤᠨ 2025 ᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠭᠦᠯᠬᠦ ᠬᠤᠷᠠᠯ ᠬᠤᠷᠠᠯᠳᠤᠪᠠ᠃ ᠲᠣᠭᠤᠷᠢᠭ ᠤᠨ ᠨᠠᠮ ᠤᠨ | ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠪᠠᠶ ᠶᠦᠨ ᠰᠢ ᠬᠤᠷᠠᠯ ᠳᠤ ᠣᠷᠣᠯᠴᠠᠵᠤ ᠶᠠᠷᠢᠶ᠎ᠠ | ᠲᠠᠯᠪᠢᠪᠠ᠃ | ᠬᠤᠷᠠᠯ ᠳᠡᠭᠡᠷ᠎ᠡ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠸᠠᠩ ᠰᠢ ᠯᠢᠨ | 2024 ᠣᠨ ᠤ ᠰᠠᠨᠠᠭᠤᠯᠭ᠎ᠠ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠵᠠᠷᠯᠠᠨ ᠮᠡᠳᠡᠭᠳᠡᠵᠦ᠂ ᠡᠨᠡ ᠵᠢᠯ ᠤᠨ | ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠯᠢᠦ ᠰᠢᠤᠸᠠᠢ ᠴᠢᠩ᠂ ᠲᠣᠭᠤᠷᠢᠭ ᠤᠨ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠠᠩ ᠯᠢᠩ ᠳ᠋ᠢ ᠵᠠᠰᠠᠭ ᠤᠨ ᠣᠷᠳᠣᠨ ᠤ ᠰᠢᠰᠲ᠋ᠧᠮ ᠤᠨ ᠰᠠᠨᠠᠭᠤᠯᠭ᠎ᠠ | ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠪᠠ᠃ | ᠪᠠᠢ ᠶᠦᠨ ᠰᠢ᠂ ᠲᠠᠨᠢᠯᠲᠠ ᠪᠠᠨ ᠳᠡᠭᠡᠭᠰᠢᠯᠡᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠤᠯᠤᠰ ᠲᠦᠷᠦ ᠶᠢᠨ | ᠡᠭᠦᠷᠭᠡ ᠪᠣᠯᠭᠠᠨ ᠦᠵᠡᠵᠦ᠂ ᠲᠥᠯᠥᠭᠡᠯᠡᠭᠴᠢ ᠭᠡᠰᠢᠭᠦᠳ ᠤᠨ ᠰᠠᠨᠠᠭᠤᠯᠭ᠎ᠠ ᠳᠤ ᠲᠤᠰᠬᠠᠭᠰᠠᠨ ᠠᠷᠠᠳ ᠤᠨ ᠪᠠᠶᠢᠳᠠᠯ | ᠠᠷᠠᠳ ᠤᠨ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ | ᠪᠦᠬᠦ ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠵᠢᠯ ᠲᠠᠢ ᠨᠢᠭᠲᠠ ᠤᠶᠠᠯᠳᠤᠭᠤᠯᠵᠤ᠂ ᠳᠡᠭᠡᠳᠦ | ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠰᠢᠢᠳᠪᠦᠷᠢᠯᠡᠬᠦ ᠠᠵᠢᠯ ᠢ ᠯᠠᠪᠳᠠᠭᠤᠨ | ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ᠲᠥᠯᠥᠭᠡᠯᠡᠭᠴᠢ ᠭᠡᠰᠢᠭᠦᠳ ᠪᠣᠯᠤᠨ ᠠᠷᠠᠳ ᠤᠯᠠᠨ ᠤ | ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠬᠦ ᠬᠡᠷᠡᠭᠲᠡᠢ᠃ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠵᠦ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠤᠯᠤᠰ ᠲᠥᠷᠥ ᠶᠢᠨ ᠡᠬᠢ ᠪᠠᠶᠠᠯᠢᠭ ᠤᠨ ᠬᠠᠶᠢᠷ᠎ᠠ | ᠬᠠᠯᠠᠮᠵᠢ ᠪᠣᠯᠭᠠᠵᠤ᠂ ᠪᠣᠳᠠᠲᠠᠶ ᠠᠰᠠᠭᠤᠳᠠᠯ ᠢ ᠰᠢᠶ᠋ᠳᠪᠦᠷᠢᠯᠡᠬᠦ ᠶᠢ ᠰᠢᠢᠳᠪᠦᠷᠢᠯᠡᠬᠦ ᠠᠵᠢᠯ ᠤᠨ ᠲᠡᠷᠢᠭᠦᠨ ᠴᠢᠬᠤᠯᠠ | ᠡᠭᠦᠷᠭᠡ ᠪᠠ ᠡᠴᠦᠰ ᠤᠨ ᠬᠠᠷᠠᠯᠲᠠ ᠪᠣᠯᠭᠠᠵᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠠᠭᠤᠯᠭ᠎ᠠ ᠶᠢ ᠨᠠᠷᠢᠨ | ᠬᠢᠨᠠᠮᠠᠭᠠᠢ ᠵᠠᠳᠠᠯᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠢᠯ ᠤᠨ ᠠᠷᠭ᠎ᠠ ᠬᠡᠮᠵᠢᠶ᠎ᠡ ᠪᠠᠨ ᠤᠯᠠᠮ ᠨᠢᠭᠡ ᠠᠯᠬᠤᠮ | ᠨᠠᠷᠢᠯᠢᠬᠵᠢᠭᠤᠯᠵᠤ᠂ ᠨᠠᠷᠢᠨ ᠲᠠᠩᠰᠠᠴᠢᠯᠠᠭᠰᠠᠨ᠂ ᠪᠢᠳᠡᠬᠦᠮᠵᠢᠯᠡᠭᠰᠡᠨ ᠬᠡᠯᠪᠡᠷᠢ ᠪᠠᠷ ᠭᠦᠢᠴᠡᠳᠬᠡᠬᠦ ᠲᠣᠭᠲᠠᠴᠠ ᠶᠢ | ᠢᠳᠡᠪᠬᠢᠲᠡᠢ ᠪᠠᠶᠢᠭᠤᠯᠵᠤ᠂ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠭᠦᠢᠴᠡᠳᠬᠡᠬᠦ ᠪᠠ ᠬᠠᠷᠢᠭᠤᠯᠲᠠ ᠥᠭᠴᠦ᠂ | ᠶᠠᠪᠤᠳᠠᠯ ᠪᠦᠬᠦᠨ ᠳᠤ ᠬᠠᠷᠢᠭᠤᠯᠲᠠ ᠥᠭᠬᠦ ᠶᠢ ᠪᠠᠲᠤᠯᠠᠬᠤ ᠬᠡᠷᠡᠭᠲᠡᠢ᠃ ᠲᠣᠭᠲᠠᠴᠠ ᠶᠢ ᠰᠢᠯᠢᠳᠡᠭᠵᠢᠭᠦᠯᠵᠦ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠤᠯᠤᠰ ᠲᠥᠷᠥ ᠶᠢᠨ ᠬᠠᠷᠢᠭᠤᠴᠠᠯᠭ᠎ᠠ ᠪᠣᠯᠭᠠᠨ ᠰᠢᠢᠳᠪᠦᠷᠢᠯᠡᠵᠦ᠂ ᠡᠯ᠎ᠡ | ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠳᠠᠭᠠᠭᠠᠨ ᠠᠪᠴᠤ ᠰᠢᠢᠳᠪᠦᠷᠢᠯᠡᠬᠦ ᠨᠢᠭᠡᠴᠢ ᠡᠷᠬᠡᠪᠰᠢ ᠳᠡᠭᠡᠳᠦ | ᠬᠡᠮᠵᠢᠶ᠎ᠡ ᠪᠠᠷ ᠴᠢᠬᠤᠯᠠᠴᠢᠯᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠨ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠵᠣᠬᠢᠴᠠᠭᠤᠯᠤᠨ ᠬᠠᠮᠵᠢᠯᠴᠠᠬᠤ ᠪᠠᠨ | ᠴᠢᠩᠭᠠᠳᠬᠠᠬᠤ ᠶᠢᠨ ᠬᠠᠮᠲᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠱᠠᠯᠠᠪᠳᠠᠭᠤᠯᠤᠨ | ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠰᠬᠠᠶ ᠬᠥᠮᠦᠨ | ᠲᠣᠳᠣᠷᠬᠠᠶᠢᠯᠠᠨ᠂ ᠮᠥᠷᠳᠡᠨ ᠱᠠᠯᠠᠪᠳᠠᠭᠤᠯᠤᠨ ᠰᠢᠢᠳᠪᠦᠷᠢᠯᠡᠵᠦ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ᠂ ᠴᠠᠭ | ᠲᠤᠬᠠᠶ ᠳᠤᠨᠢ ᠵᠣᠬᠢᠴᠠᠭᠤᠯᠵᠤ᠂ ᠰᠠᠨᠠᠯ ᠳᠤᠷᠠᠳᠤᠯᠭ᠎ᠠ ᠪᠠ ᠰᠠᠨᠠᠭᠤᠯᠭ᠎ᠠ ᠨᠢᠭᠡᠪᠦᠷᠢ ᠶᠢ ᠴᠥᠮ ᠲᠣᠬᠢᠲᠠᠶ | ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠲᠣᠭᠤᠷᠢᠭ ᠤᠨ ᠤᠳᠤᠷᠢᠳᠤᠯᠭ᠎ᠠ ᠯᠢᠦ ᠰᠢᠤᠸᠠᠢ ᠴᠢᠩ᠂ ᠵᠠᠩ ᠯᠢᠩ ᠳ᠋ᠢ ᠬᠤᠷᠠᠯ ᠳᠤ ᠣᠷᠣᠯᠴᠠᠪᠠ᠃ | | | | | | |