ᠠᠢ ᠰᠢ ᠮᠠ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠬᠥᠯᠳᠡᠭᠡᠬᠦ ᠪᠠ ᠬᠥᠷᠥᠭᠡᠬᠦ ᠲᠥᠬᠦᠭᠡᠷᠦᠮᠵᠢ ᠶᠢᠨ ᠦᠢᠯᠡᠳᠬᠦ ᠲᠥᠷᠥᠯ ᠵᠦᠢᠯ ᠵᠢᠩᠬᠢᠨᠢ ᠪᠠᠷ ᠠᠵᠢᠯ ᠢᠶᠠᠨ ᠰᠡᠷᠭᠦᠭᠡᠪᠡ
ᠨᠡᠶᠢᠲᠡᠯᠡᠭᠰᠡᠨ ᠴᠠᠭ᠄
2025/2/24
      ᠠᠢ ᠰᠢ ᠮᠠ ᠰᠢᠨ᠎ᠡ ᠡᠨᠧᠷᠭᠢ ᠶᠢᠨ ᠠᠵᠤ ᠦᠢᠯᠡᠳᠪᠦᠷᠢ ᠶᠢᠨ ᠬᠥᠯᠳᠡᠭᠡᠬᠦ ᠪᠠ ᠬᠥᠷᠥᠭᠡᠬᠦ ᠲᠥᠬᠦᠭᠡᠷᠦᠮᠵᠢ ᠶᠢ ᠦᠢᠯᠡᠳᠪᠦᠷᠢᠯᠡᠵᠦ ᠦᠢᠯᠡᠳᠬᠦ ᠲᠥᠷᠥᠯ ᠵᠦᠢᠯ ᠨᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠨᠡᠶᠢᠲᠡ 5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 2025 ᠣᠨ ᠳᠤ 3 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ 87 ᠮᠥ ᠲᠠᠯᠠᠪᠠᠶ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ ᠪᠠᠷᠤᠭ 4 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠬᠥᠷᠥᠭᠡᠬᠦ ᠲᠥᠬᠦᠭᠡᠷᠦᠮᠵᠢ᠂ ᠳᠠᠷᠤᠯᠲᠠᠲᠤ ᠰᠠᠪᠠ ᠪᠠ ᠲᠠᠪᠠᠭ ᠬᠤᠭᠤᠯᠠᠶ ᠶᠢᠨ ᠦᠢᠯᠡᠳᠪᠦᠷᠢᠯᠡᠯ ᠤᠨ ᠱᠤᠭᠤᠮ ᠢ ᠦᠢᠯᠡᠳᠬᠦ ᠰᠠᠭᠤᠷᠢᠨ ᠭᠠᠵᠠᠷ ᠢ ᠪᠠᠶᠢᠭᠤᠯᠵᠤ᠂ ᠠᠭᠤᠯᠭ᠎ᠠ ᠨᠢ ᠦᠢᠯᠡᠳᠪᠦᠷᠢᠯᠡᠯ ᠤᠨ ᠲᠠᠰᠤᠭ᠂ ᠬᠥᠮᠥᠷᠭᠡᠯᠡᠨ ᠬᠠᠳᠠᠭᠠᠯᠠᠬᠤ ᠲᠣᠭᠤᠷᠢᠭ᠂ ᠰᠤᠳᠤᠯᠤᠨ ᠨᠡᠭᠡᠭᠡᠬᠦ ᠲᠥᠪ ᠪᠠ ᠠᠵᠢᠯᠯᠠᠬᠤ ᠲᠣᠭᠤᠷᠢᠭ ᠢ ᠪᠠᠭᠲᠠᠭᠠᠵᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ 200 ᠰᠠᠤᠷᠢ ᠪᠣᠯᠣᠳ ᠦᠢᠯᠡᠳᠬᠦ ᠪᠢᠲᠡᠭᠦᠦ ᠬᠡᠯᠪᠡᠷᠢ ᠶᠢᠨ ᠬᠥᠷᠥᠭᠡᠬᠦ ᠲᠥᠬᠦᠭᠡᠷᠦᠮᠵᠢ᠂ 200 ᠳᠠᠷᠤᠯᠲᠠ ᠠᠭᠤᠯᠬᠤ ᠰᠠᠪᠠ ᠪᠠ 700 ᠰᠠᠭᠤᠷᠢ ᠲᠠᠪᠠᠭ ᠤᠨ ᠬᠤᠭᠤᠯᠠᠶ ᠶᠢ ᠦᠢᠯᠡᠳᠬᠦ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠵᠢᠱᠢᠯᠲᠡ ᠪᠠᠷ ᠵᠢᠯ ᠤᠨ ᠦᠢᠯᠡᠳᠭᠦᠨ ᠤ ᠥᠷᠲᠡᠭ ᠢ 15 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠤᠨ ᠭᠠᠶᠢᠯᠢ ᠲᠠᠲᠠᠪᠤᠷᠢ ᠶᠢ 7300 ᠲᠦᠮᠡᠨ ᠲᠥᠭᠦᠷᠢᠭ ᠪᠡᠶᠡᠯᠡᠭᠦᠯᠵᠦ᠂ 260 ᠭᠠᠷᠤᠶ ᠠᠵᠢᠯ ᠤᠨ ᠪᠠᠶᠢᠷᠢ ᠬᠠᠩᠭᠠᠬᠤ ᠪᠣᠯᠤᠨ᠎ᠠ᠃      ᠲᠣᠰ ᠲᠥᠷᠥᠯ ᠵᠦᠢᠯ ᠤᠨ 2 ᠳ᠋ᠤᠭᠠᠷ ᠦᠢᠯᠡᠳᠪᠦᠷᠢ ᠶᠢᠨ ᠭᠡᠷ ᠪᠠᠶᠢᠰᠢᠩ ᠨᠢᠭᠡᠨᠲᠡ ᠠᠰᠢᠭᠯᠠᠯᠲᠠ ᠳᠤ ᠣᠷᠣᠵᠤ᠂ 1 ᠳ᠋ᠦ᠋ᠭᠡᠷ ᠦᠢᠯᠡᠳᠪᠦᠷᠢ ᠶᠢᠨ ᠭᠡᠷ ᠪᠠᠶᠢᠰᠢᠩ ᠨᠢᠭᠡᠨᠲᠡ ᠠᠰᠢᠭᠯᠠᠯᠲᠠ ᠳᠤ ᠣᠷᠣᠭᠤᠯᠬᠤ ᠨᠥᠬᠦᠴᠡᠯ ᠢ ᠪᠦᠷᠢᠯᠳᠦᠭᠦᠯᠦᠭᠰᠡᠨ ᠪᠠᠶᠢᠨ᠎ᠠ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠶᠠᠰᠤ ᠴᠢᠨᠠᠷ ᠢ ᠪᠠᠲᠤᠯᠠᠨ ᠲᠣᠭᠲᠠᠭᠰᠠᠨ ᠬᠤᠭᠤᠴᠠᠭᠠᠨ ᠳᠤ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠤᠯᠬᠤ ᠶᠢᠨ ᠲᠥᠯᠥᠭᠡ᠂ 2025 ᠣᠨ ᠤ 2 ᠰᠠᠷ᠎ᠠ ᠶᠢᠨ 14᠎ ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ ᠣᠳᠣᠬᠠᠨ ᠳᠤ᠂ ᠪᠥᠲᠥᠭᠡᠨ ᠪᠠᠶᠢᠭᠤᠯᠤᠭᠴᠢᠳ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠴᠠᠭ ᠮᠥᠴᠡ ᠶᠢ ᠵᠠᠪᠳᠤᠵᠤ᠂ ᠠᠵᠢᠯ ᠤᠨ ᠬᠤᠭᠤᠴᠠᠭ᠎ᠠ ᠶᠢ ᠠᠮᠵᠢᠨ ᠠᠳᠬᠤᠵᠤ᠂ ᠲᠥᠬᠦᠭᠡᠷᠦᠮᠵᠢ ᠶᠢ ᠲᠣᠬᠢᠷᠠᠭᠤᠯᠤᠨ ᠲᠤᠷᠰᠢᠬᠤ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠪᠠᠷ ᠴᠢᠷᠮᠠᠶᠢᠵᠤ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号