ᠭᠦᠸᠧ ᠬᠤᠶ ᠱᠦᠨ ᠹᠧᠩ ᠲᠦᠷᠭᠡᠨ ᠬᠦᠷᠭᠡᠯᠲᠡ ᠶᠢᠨ ᠪᠠᠷᠠᠭᠤᠨ ᠬᠤᠶᠢᠲᠤ ᠣᠷᠣᠨ ᠤ ᠵᠢᠱᠢᠶ᠎ᠡ ᠦᠵᠡᠭᠦᠯᠬᠦ | ᠰᠠᠭᠤᠷᠢᠨ ᠭᠠᠵᠠᠷ ᠤᠨ ᠲᠥᠷᠥᠯ ᠵᠦᠢᠯ ᠨᠢ ᠲᠣᠨᠤᠭ ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ | ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ 101 ᠮᠥ ᠲᠠᠯᠠᠪᠠᠶ ᠡᠵᠡᠯᠡᠨ᠂ ᠪᠠᠷᠢᠯᠭ᠎ᠠ ᠶᠢᠨ ᠲᠠᠯᠠᠪᠠᠶ 3.8 | ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠶᠡᠷᠦᠩᠬᠡᠶ ᠪᠠᠯᠠ ᠣᠷᠣᠭᠤᠯᠤᠯᠲᠠ ᠨᠢ 1.67 ᠳ᠋ᠦᠩᠰᠢᠭᠤᠷ | ᠲᠥᠭᠦᠷᠢᠭ ᠪᠠᠶᠢᠵᠤ᠂ 2025 ᠣᠨ ᠳᠤ 0.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ | ᠪᠡᠶᠡᠯᠡᠭᠦᠯᠬᠦ ᠪᠠᠷ ᠲᠥᠯᠥᠪᠯᠡᠵᠦ᠂ ᠭᠤᠤᠯᠳᠠᠭᠤ ᠪᠦᠷᠢᠨ ᠠᠦ᠋ᠲ᠋ᠣ᠋ ᠲᠦᠷᠭᠡᠨ ᠬᠦᠷᠭᠡᠯᠲᠡ ᠶᠢᠨ ᠣᠶᠤᠨᠴᠢ ᠢᠯᠭᠠᠬᠤ | ᠦᠢᠯᠡᠳᠪᠦᠷᠢ ᠶᠢᠨ ᠲᠠᠰᠤᠭ 2 ᠲᠦᠮᠡᠨ ᠲᠡᠭᠰᠢ ᠳᠥᠷᠪᠡᠯᠵᠢᠨ ᠮᠧᠲᠷ᠂ ᠲᠣᠮᠣ ᠵᠦᠢᠯ ᠤᠨ ᠪᠠᠷᠠᠭᠠᠨ ᠤ ᠭᠦᠢᠯᠭᠡᠭᠡᠨ ᠤ | ᠢᠯᠭᠠᠬᠤ ᠦᠢᠯᠡᠳᠪᠦᠷᠢ ᠶᠢᠨ ᠲᠠᠰᠤᠭ 1 ᠲᠦᠮᠡᠨ ᠲᠡᠭᠰᠢ ᠳᠥᠷᠪᠡᠯᠵᠢᠨ ᠮᠧᠲᠷ᠂ ᠤᠶᠤᠨᠲᠤ ᠡᠭᠦᠯᠡᠨ ᠬᠥᠮᠥᠷᠭᠡ ᠶᠢᠨ | ᠦᠢᠯᠡᠳᠪᠦᠷᠢ ᠶᠢᠨ ᠬᠡᠷ ᠪᠠᠶᠢᠰᠢᠩ 5000 ᠲᠡᠭᠰᠢ ᠳᠥᠷᠪᠡᠯᠵᠢᠨ ᠮᠧᠲᠷ᠂ ᠠᠯᠪᠠᠨ ᠠᠰᠠᠷ 2500 ᠲᠡᠭᠰᠢ | ᠳᠥᠷᠪᠡᠯᠵᠢᠨ ᠮᠧᠲᠷ ᠵᠢᠴᠢ ᠳᠠᠭᠠᠯᠲᠠ ᠲᠥᠬᠦᠭᠡᠷᠦᠮᠵᠢ ᠶᠢ ᠪᠥᠲᠥᠭᠡᠨ ᠪᠠᠶᠢᠭᠤᠯᠤᠨ᠎ᠠ᠃ ᠲᠥᠷᠥᠯ ᠵᠦᠢᠯ ᠢ ᠪᠦᠬᠦᠨ ᠢ | ᠪᠠᠶᠢᠭᠤᠯᠵᠤ ᠳᠠᠭᠤᠰᠬᠠᠭᠰᠠᠨ ᠤ ᠳᠠᠷᠠᠭ᠎ᠠ᠂ ᠭᠠᠵᠠᠷ ᠣᠷᠣᠨ ᠤ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠶ | ᠠᠭᠤᠰᠤᠯᠴᠠᠯ ᠢ ᠪᠦᠲᠦᠮᠵᠢᠲᠡᠶ ᠠᠬᠢᠭᠤᠯᠵᠤ᠂ ᠬᠡᠷᠡᠭᠯᠡᠭᠴᠢᠳ ᠲᠤ ᠬᠥᠮᠥᠷᠭᠡᠯᠡᠨ ᠬᠠᠳᠠᠭᠠᠯᠠᠬᠤ ᠬᠠᠮᠢᠶᠠᠷᠤᠯᠲᠠ᠂ ᠲᠣᠮᠣ | ᠳ᠋ᠠᠶᠢᠲ᠋ᠠ ᠶᠢᠨ ᠵᠠᠳᠠᠯᠤᠯᠲᠠ ᠵᠡᠷᠭᠡ ᠠᠯᠢ ᠣᠯᠠᠨ ᠰᠢᠢᠳᠪᠦᠷᠢᠯᠡᠬᠦ ᠲᠥᠰᠦᠯ ᠢ ᠬᠠᠩᠭᠠᠵᠤ᠂ ︽ᠬᠥᠯᠥᠰᠥ ᠤᠰᠤ | ᠪᠠᠷᠠᠭᠠᠨ ᠤ ᠭᠦᠢᠯᠭᠡᠭᠡ︾ ᠶᠢ ︽ᠣᠶᠤᠨᠴᠢ ᠪᠠᠷᠠᠭᠠᠨ ᠤ ᠭᠦᠢᠯᠭᠡᠭᠡ︾ ᠪᠣᠯᠭᠠᠨ ᠬᠤᠪᠢᠷᠠᠭᠤᠯᠵᠤ᠂ ᠵᠢᠱᠢᠯᠲᠡ ᠪᠠᠷ ᠵᠢᠯ ᠤᠨ | ᠦᠢᠯᠡᠳᠬᠦᠨ ᠤ ᠥᠷᠲᠡᠭ ᠨᠢ 2 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠭᠠᠶᠢᠯᠢ ᠲᠠᠲᠠᠪᠤᠷᠢ ᠶᠢ 4000 | ᠲᠦᠮᠡᠨ ᠲᠥᠭᠦᠷᠢᠭ ᠪᠡᠶᠡᠯᠡᠭᠦᠯᠵᠦ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ 500 ᠭᠠᠷᠤᠶ ᠬᠠᠩᠭᠠᠨ᠎ᠠ᠃ | ᠣᠳᠣᠬᠠᠨ ᠳᠤ᠂ ᠲᠥᠷᠥᠯ ᠵᠦᠢᠯ ᠤᠨ 4 ᠵᠣᠷᠪᠤᠰ ᠬᠤᠪᠢᠶᠠᠨ ᠰᠠᠯᠭᠠᠬᠤ ᠱᠤᠭᠤᠮ ᠢ ᠨᠢᠭᠡᠨᠲᠡ ᠪᠦᠬᠦᠨ ᠢ | ᠠᠵᠢᠯᠯᠠᠭᠤᠯᠵᠤ᠂ 2025 ᠣᠨ ᠤ 2 ᠰᠠᠷ᠎ᠠ ᠶᠢᠨ 14 ᠤ ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠪᠡ᠃ ᠲᠣᠨᠤᠭ | ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠪᠦᠬᠦᠯᠢ ᠴᠣᠭᠴᠠ ᠶᠢᠨ ᠡᠳ᠋ ᠪᠣᠳᠠᠰ ᠤᠨ ᠠᠵᠢᠯᠯᠠᠭᠠᠨ ᠤ ᠰᠠᠭᠠᠳ | ᠥᠬᠡᠶ ᠶᠠᠪᠤᠭᠳᠠᠬᠤ ᠶᠢ ᠪᠠᠲᠤᠯᠠᠬᠤ ᠶᠢᠨ ᠲᠥᠯᠥᠭᠡ᠂ ᠲᠥᠷᠥᠯ ᠵᠦᠢᠯ ᠤᠨ ᠲᠤᠬᠠᠶ ᠶᠢᠨ ᠲᠠᠯᠠᠪᠤᠷ ᠤᠨ ᠠᠵᠢᠯᠲᠠᠳ | ᠡᠷᠴᠢ ᠵᠣᠷᠢᠭ ᠢᠶᠠᠨ ᠬᠥᠪᠴᠢᠯᠡᠵᠦ᠂ 4 ᠵᠤᠷᠪᠤᠰ ᠬᠤᠪᠢᠶᠠᠨ ᠰᠠᠯᠭᠠᠬᠤ ᠱᠤᠭᠤᠮ ᠤᠨ ᠬᠠᠩᠭᠠᠯᠭ᠎ᠠ ᠶᠢᠨ ᠴᠢᠳᠠᠪᠤᠷᠢ ᠶᠢ | ᠭᠦᠢᠴᠡᠳ ᠪᠠᠳᠠᠷᠠᠭᠤᠯᠤᠨ᠂ ᠣᠶᠤᠨᠴᠢ ᠢᠯᠭᠠᠬᠤ᠂ ᠪᠠᠷᠠᠭᠠᠨ ᠤ ᠭᠦᠢᠯᠭᠡᠭᠡᠨ ᠤ ᠳᠠᠮᠵᠢᠭᠤᠯᠬᠤ ᠵᠡᠷᠭᠡ ᠴᠢᠳᠠᠮᠵᠢ ᠶᠢ | ᠠᠰᠢᠭᠯᠠᠨ᠂ ᠡᠳ᠋ ᠪᠣᠳᠠᠰ ᠤᠨ ᠪᠠᠲᠤᠯᠠᠭ᠎ᠠ ᠶᠢ ᠴᠢᠩᠭᠠᠳᠬᠠᠵᠤ᠂ ᠡᠳ᠋ ᠪᠣᠳᠠᠰ ᠤᠨ ᠬᠡᠷᠡᠭᠴᠡᠭᠡ ᠱᠠᠭᠠᠷᠳᠠᠯᠭ᠎ᠠ ᠶᠢᠨ | ᠲᠥᠯᠥᠪᠯᠡᠭᠡ ᠶᠢ ᠤᠷᠢᠳᠴᠢᠯᠠᠨ ᠡᠮᠬᠢᠯᠡᠵᠦ᠂ ᠡᠬᠡ ᠲᠠᠩᠰᠠ ᠪᠠᠶᠢᠭᠤᠯᠤᠨ᠂ ᠬᠠᠩᠭᠠᠯᠭ᠎ᠠ ᠶᠢᠨ ᠬᠤᠳᠠᠯᠳᠤᠭᠠᠴᠢᠨ ᠢ | ᠰᠢᠮᠳᠠᠭᠤᠯᠵᠤ ᠪᠠᠶᠢᠭᠠᠳ ᠤᠷᠢᠳᠴᠢᠯᠠᠨ ᠪᠠᠷᠠᠭ᠎ᠠ ᠬᠠᠩᠭᠠᠵᠤ᠂ ᠭᠤᠤᠯᠳᠠᠯᠭ᠎ᠠ ᠲᠠᠢ ᠡᠳ᠋ ᠪᠣᠳᠠᠰ ᠤᠨ ᠬᠠᠩᠭᠠᠯᠭ᠎ᠠ ᠶᠢᠨ | ︽ᠰᠠᠭᠠᠳ ᠥᠬᠡᠶ︾ ᠪᠠᠶᠢᠬᠤ ᠶᠢ ᠦᠨᠡᠨ ᠬᠦ ᠪᠠᠲᠤᠯᠠᠨ᠎ᠠ᠃ | | | | | | |