ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/24
      2 ᠰᠠᠷ᠎ᠠ ᠶᠢᠨ 21 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠤᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠵᠢᠴᠢ ᠲᠤᠭᠤᠷᠢᠭ ᠤᠨ ᠨᠠᠮ ᠤᠨ ᠬᠤᠷᠢᠶᠠᠨ ᠤ ᠥᠭᠡᠷᠡᠴᠢᠯᠡᠯᠲᠡ ᠶᠢ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ᠂ ᠲᠤᠭᠤᠷᠢᠭ ᠤᠨ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷ᠎ᠡ᠂ ᠬᠢᠷᠢᠨ ᠮᠤᠵᠢ ᠶᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ᠂ 2025 ᠣᠨ ᠤ ᠴᠠᠭᠠᠨ ᠰᠠᠷ᠎ᠠ ᠶᠢᠨ ᠬᠠᠮᠲᠤ ᠶᠢᠨ ᠵᠣᠯᠭᠠᠯᠲᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠢ ᠱᠦᠵᠢ ᠰᠢ ᠶᠢᠨ ᠫᠢᠩ ᠤᠨ ᠰᠧᠴᠤᠸᠠᠨ ᠤ ᠢ ᠪᠢᠨ ᠬᠤᠳᠠ ᠶᠢᠨ ᠶᠦᠨ ᠯᠢᠶᠠᠨ ᠰᠢᠶᠠᠨ ᠤ ᠠᠭᠤᠯᠠ ᠶᠡᠭᠦᠷᠡᠬᠦ ᠦᠶ᠎ᠡ ᠳᠤ ᠬᠢᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠬᠠᠷᠪᠢᠨ ᠤ ᠶᠢᠰᠦᠳᠦᠭᠡᠷ ᠬᠤᠭᠤᠴᠠᠭᠠᠨ ᠤ ᠠᠽᠢᠶ᠎ᠠ ᠲᠢᠪ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠤᠨ ᠤᠭᠲᠤᠬᠤ ᠳᠠᠶᠢᠯᠠᠯᠭ᠎ᠠ ᠳᠡᠭᠡᠷᠡᠬᠢ ᠴᠢᠬᠤᠯᠠ ᠪᠠᠶᠠᠷ ᠤᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠤᠢᠢᠷ᠎ᠠ ᠶᠢᠨ ᠬᠤᠭᠤᠴᠠᠭᠠᠨ ᠤ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠢᠶᠠᠨ ᠣᠨᠣᠪᠴᠢᠲᠠᠢ ᠣᠯᠵᠤ᠂ ︽ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ᠂ ︽ᠭᠤᠷᠪᠠ ᠳᠤ ᠬᠤᠶᠠᠷ ᠢ ᠡᠷᠢᠬᠦ︾ ᠠᠵᠢᠯ ᠢ ᠪᠣᠳᠠᠲᠠᠢ ᠨᠠᠷᠢᠯᠢᠭ ᠬᠢᠵᠦ᠂ ᠭᠤᠣᠯᠳᠠᠯᠭ᠎ᠠ ᠲᠠᠢ ᠬᠡᠷᠡᠭᠵᠢᠭᠦᠯᠬᠦ ᠪᠠ ᠶᠠᠷᠢᠯᠴᠠᠵᠤ ᠪᠠᠶᠢᠭ᠎ᠠ ᠲᠦᠷᠦᠯ ᠵᠦᠢᠯ ᠢ ᠴᠢᠩᠭ᠎ᠠ ᠠᠩᠬᠠᠷᠴᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠠᠶᠤᠯ ᠲᠦᠭᠰᠢᠭᠦᠷᠢ ᠶᠢᠨ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ  ᠪᠠ ᠪᠤᠭᠤᠲᠤ ᠬᠤᠳᠠ ᠶᠢᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠦᠬᠦ ᠲᠤᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠴᠣᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢᠨ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠤᠯᠤᠰ ᠲᠦᠷᠦ ᠬᠠᠤᠯᠢ ᠴᠠᠭᠠᠵᠠ ᠶᠢᠨ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠠᠵᠢᠯ ᠢ ᠰᠠᠶᠢᠲᠤᠷ ᠠᠳᠬᠤᠵᠤ᠂ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠳᠥᠷᠪᠡᠳᠦᠭᠡᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠨᠠᠨ ᠪᠤᠳᠤᠬᠤ ᠵᠥᠪᠯᠡᠯ ᠤᠨ ᠵᠢᠷᠭᠤᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠲᠤᠭᠤᠷᠢᠭ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠬᠢᠨᠠᠨ ᠪᠤᠳᠤᠬᠤ ᠠᠵᠢᠯ ᠤᠨ ᠤᠯᠤᠰ ᠲᠥᠷᠥ ᠶᠢᠨ ᠰᠢᠨᠵᠢ ᠴᠢᠨᠠᠷ ᠪᠠ ᠤᠯᠤᠰ ᠲᠥᠷᠥ ᠶᠢᠨ ᠴᠢᠳᠠᠮᠵᠢ ᠶᠢ ᠪᠠᠲᠤ ᠡᠵᠡᠮᠳᠡᠵᠦ᠂ ᠴᠢᠬᠤᠯᠠ ᠶᠡᠭᠡ ᠲᠥᠷᠥᠯ ᠵᠦᠢᠯ ᠤᠨ ᠬᠡᠷᠡᠭᠵᠢᠭᠦᠯᠦᠯᠲᠡ᠂ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ ᠨᠠᠶᠢᠳᠠᠪᠤᠷᠢᠵᠢᠭᠤᠯᠬᠤ᠂ ᠭᠤᠤᠯᠳᠠᠯᠭ᠎ᠠ ᠲᠠᠢ ᠥᠭᠡᠷᠡᠴᠢᠯᠡᠯᠲᠡ ᠶᠢ ᠠᠬᠢᠭᠤᠯᠬᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠬᠡᠷᠡᠭᠯᠡᠯᠲᠡ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠢᠨᠵᠧᠨᠧᠷᠢᠩ ᠢ ᠴᠢᠩᠭ᠎ᠠ ᠠᠩᠬᠠᠷᠴᠤ᠂ ᠬᠢᠨᠠᠨ ᠪᠤᠳᠤᠬᠤ ︽ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ︾ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠬᠢᠨᠠᠨ ᠪᠤᠳᠤᠵᠤ ᠬᠢᠨᠠᠯᠲᠠ ᠲᠠᠯᠪᠢᠬᠤ ᠪᠠ ᠡᠯ᠎ᠡ ᠲᠥᠷᠥᠯ ᠤᠨ ᠬᠢᠨᠠᠯᠲᠠ ᠶᠢ ᠨᠡᠪᠲᠡᠷᠡᠯᠴᠡᠭᠦᠯᠦᠨ ᠬᠠᠮᠵᠢᠯᠴᠠᠬᠤ ᠶᠢ ᠠᠬᠢᠭᠤᠯᠵᠤ᠂ ᠬᠢᠨᠠᠨ ᠪᠤᠳᠤᠵᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠶ ᠠᠳᠬᠤᠵᠤ᠂ ᠴᠢᠨᠠᠷ ᠰᠠᠶᠢᠲᠠᠶ ᠬᠢᠨᠠᠨ ᠪᠤᠳᠤᠵᠤ ᠬᠢᠨᠠᠯᠲᠠ ᠲᠠᠯᠪᠢᠬᠤ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠬᠠᠮᠠᠭᠠᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ 2025 ᠣᠨ ᠤ ᠠᠵᠢᠯ ᠤᠨ ᠭᠤᠣᠯᠳᠠᠯᠭ᠎ᠠ︾᠂ ︽ᠲᠤᠭᠤᠷᠢᠭ ᠤᠨ ᠨᠠᠮ ᠤᠨ ᠬᠤᠷᠢᠶ᠎ᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠵᠥᠪᠯᠡᠯ ᠤᠨ 2025 ᠣᠨ ᠤ ᠠᠵᠢᠯ ᠤᠨ ᠭᠤᠣᠯᠳᠠᠯᠭ᠎ᠠ︾ ᠶᠢ ᠰᠤᠳᠤᠯᠤᠨ ᠬᠢᠨᠠᠨ ᠵᠥᠪᠯᠡᠵᠦ᠂ ᠪᠦᠬᠦ ᠲᠤᠭᠤᠷᠢᠭ ᠤᠨ ᠡᠯ᠎ᠡ ᠨᠢᠭᠡᠴᠢ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠬᠦᠷᠢᠶᠡᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ᠂ ᠪᠦᠬᠦ ᠵᠢᠯ ᠤᠨ ᠲᠣᠭᠲᠠᠭᠰᠠᠨ ᠬᠠᠷᠠᠯᠲᠠ ᠪᠠᠨ ᠴᠢᠨᠠᠷ ᠰᠠᠶᠢᠲᠠᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠲᠤᠭᠤᠷᠢᠭ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠡᠭᠦᠷᠭᠡ ᠴᠢᠳᠠᠪᠬᠢ ᠶᠢᠨ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ 2025 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ︾ ᠶᠢ ᠰᠤᠳᠤᠯᠤᠨ ᠬᠢᠨᠠᠨ ᠵᠥᠪᠯᠡᠵᠦ᠂ ᠨᠠᠮ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠳᠠᠬᠢ ᠪᠥᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠪᠥᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠢᠳᠡᠪᠬᠢᠲᠡᠶ ᠦᠢᠯᠡᠳᠦᠯᠭᠡᠵᠢᠭᠦᠯᠵᠦ᠂ ᠪᠠᠶᠢᠴᠠᠭᠠᠨ ᠰᠤᠳᠤᠯᠤᠯᠲᠠ ᠬᠢᠬᠦ ᠪᠠ ᠵᠠᠰᠠᠭ ᠲᠤ ᠲᠤᠰᠠᠯᠠᠬᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠥᠷᠨᠢᠭᠦᠯᠵᠦ᠂ ︽ᠬᠤᠶᠠᠷ ᠲᠥᠯᠥᠭᠡᠯᠡᠭᠴᠢ ᠨᠢᠭᠡ ᠭᠡᠰᠢᠭᠦᠨ︾ ᠤ ᠠᠵᠢᠯ ᠤᠨ ᠲᠣᠭᠲᠠᠴᠠ ᠶᠢᠨ ᠦᠢᠯᠡᠳᠦᠯ ᠢ ᠤᠯᠠᠮ ᠨᠢᠭᠡ ᠠᠯᠬᠤᠮ ᠰᠠᠶᠢᠲᠤᠷ ᠪᠠᠳᠠᠷᠠᠭᠤᠯᠵᠤ᠂ ᠴᠢᠨᠠᠷ ᠰᠠᠶᠢᠲᠠᠶ ᠵᠥᠪᠯᠡᠯᠭᠡᠨ ᠤ ᠦᠷ᠎ᠡ ᠪᠦᠲᠦᠭᠡᠯ ᠢᠶᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠤᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠲᠦᠷᠪᠡᠨ ᠵᠦᠢᠯ ᠤᠨ ᠬᠡᠯᠪᠡᠷᠢ ᠪᠠᠶᠢᠳᠠᠯ︾ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠣᠯᠤᠨ ᠪᠠᠷᠢᠮᠵᠢᠶ᠎ᠠ ᠶᠢ ᠭᠦᠨᠵᠡᠭᠡᠢ ᠲᠠᠨᠢᠨ ᠡᠵᠡᠮᠳᠡᠵᠦ᠂ ᠡᠳᠦᠷ ᠲᠤᠳᠤᠮ ᠤᠨ ᠬᠢᠨᠠᠯᠲᠠ ᠬᠠᠮᠢᠶᠠᠷᠤᠯᠲᠠ ᠶᠢ ᠪᠣᠳᠠᠲᠠᠢ ᠨᠠᠷᠢᠯᠢᠭ ᠬᠢᠵᠦ᠂ ︽ᠭᠤᠷᠪᠠ ᠶᠢ ᠢᠯᠭᠠᠬᠤ︾ ᠶᠢ ᠴᠢᠩᠭ᠎ᠠ ᠨᠠᠶᠢᠳᠠᠪᠤᠷᠢᠵᠢᠭᠤᠯᠵᠤ᠂ ᠴᠤᠬᠤᠶᠢᠯᠲᠠ ᠶᠢᠨ ᠴᠢᠨᠠᠷᠲᠠᠢ᠂ ᠬᠡᠯᠪᠡᠷᠢᠯ ᠤᠨ ᠴᠢᠨᠠᠷᠲᠠᠢ ᠠᠰᠠᠭᠤᠳᠠᠯ ᠢ ᠴᠠᠭ ᠲᠤᠬᠠᠢ ᠳᠤᠨᠢ ᠵᠠᠯᠠᠷᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠢ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠤᠷᠢᠲᠠᠯ ᠳᠣᠣᠷ᠎ᠠ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠠᠵᠢᠯᠯᠠᠬᠤ ᠬᠡᠷᠡᠭᠲᠡᠢ ᠭᠡᠵᠦ ᠴᠢᠬᠤᠯᠠᠴᠢᠯᠠᠪᠠ᠃     
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号