ᠪᠣᠣ ᠯᠢ ᠨᠡᠶᠢᠭᠡᠮ ᠲᠣᠭᠤᠷᠢᠭ 12345 ᠬᠠᠯᠠᠮᠰᠢᠯ ᠤᠲᠠᠰᠤ ᠶᠢ ᠰᠢᠢᠳᠪᠦᠷᠢᠯᠡᠵᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠤᠷᠳᠤᠴᠠ ᠶᠢ ᠳᠠᠬᠢᠨ ᠲᠦᠷᠭᠡᠳᠬᠡᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2025/2/25
      12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 2 ᠰᠠᠷ᠎ᠠ ᠶᠢᠨ 20᠎ ᠤ ᠡᠳᠦᠷ᠂ ᠪᠦᠦ ᠯᠢ ᠨᠡᠶᠢᠭᠡᠮ ᠲᠣᠭᠤᠷᠢᠭ ᠪᠥᠬᠦ ᠠᠵᠢᠯᠲᠠᠳ ᠢ ᠵᠣᠬᠢᠶᠠᠨ ᠪᠠᠶᠢᠭᠤᠯᠤᠨ 12345 ᠠᠵᠢᠯ ᠤᠨ ᠪᠣᠭᠤᠮᠲᠠ ᠰᠢᠪᠲᠤᠯᠬᠤ ᠬᠤᠷᠠᠯ ᠬᠤᠷᠠᠯᠳᠤᠭᠤᠯᠪᠠ᠃      ᠬᠤᠷᠠᠯ ᠳᠡᠭᠡᠷ᠎ᠡ᠂ ᠪᠦᠦ ᠯᠢ ᠨᠡᠶᠢᠭᠡᠮ ᠲᠣᠭᠤᠷᠢᠭ ᠤᠨ ᠨᠠᠮ ᠤᠨ ᠬᠤᠷᠢᠶᠠᠨ ᠤ ᠱᠦᠵᠢ᠂ ᠰᠠᠭᠤᠭᠠᠯᠢ ᠠᠷᠠᠳ ᠤᠨ ᠵᠥᠪᠯᠡᠯ ᠤᠨ ᠡᠷᠬᠢᠯᠡᠭᠴᠢ ᠵᠧᠤ ᠬᠦᠶ ᠴᠢᠨ ᠡᠩ ᠲᠡᠷᠢᠭᠦᠨ ᠳᠤ ᠣᠶᠢᠷ᠎ᠠ ᠶᠢᠨ ᠬᠤᠭᠤᠴᠠᠭᠠᠨ ᠤ 12345ᠬᠠᠯᠠᠮᠰᠢᠯ ᠤᠲᠠᠰᠤ ᠶᠢᠨ ᠭᠦᠢᠴᠡᠳᠭᠡᠭᠰᠡᠨ ᠪᠠᠶᠢᠳᠠᠯ ᠳᠤ ᠪᠥᠬᠦ ᠲᠠᠯ᠎ᠠ ᠪᠠᠷ ᠳ᠋ᠦᠩᠨᠡᠯᠲᠡ ᠬᠢᠭᠰᠡᠨ ᠪᠥᠭᠡᠳ ᠣᠳᠣᠬᠠᠨ ᠳᠤ ᠬᠠᠷᠠᠬᠠᠨ ᠰᠢᠢᠳᠪᠦᠷᠢᠯᠡᠵᠦ ᠳᠠᠭᠤᠰᠤᠭᠠᠳᠤᠶ ᠠᠵᠢᠯ ᠤᠨ ᠬᠠᠭᠤᠳᠠᠰᠤᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠭᠰᠠᠨ ᠪᠥᠭᠡᠳ ᠭᠤᠤᠯᠳᠠᠭᠤ ᠬᠡᠰᠡᠭ ᠠᠰᠠᠭᠤᠳᠠᠯ ᠢ ᠰᠢᠢᠳᠪᠦᠷᠢᠯᠡᠬᠦ ᠦᠶᠡᠯᠡᠯ ᠤᠨ ᠬᠤᠭᠤᠴᠠᠭ᠎ᠠ ᠨᠡᠯᠢᠶᠡᠳ ᠤᠷᠲᠤ᠂ ᠰᠠᠭᠤᠭᠠᠯᠢ ᠠᠷᠠᠳ ᠲᠠᠢ ᠴᠠᠭ ᠲᠤᠬᠠᠶ ᠳᠤᠨᠢ ᠨᠡᠪᠲᠡᠷᠡᠯᠴᠡᠵᠦ ᠬᠠᠷᠢᠭᠤ ᠲᠤᠰᠬᠠᠭᠰᠠᠨ ᠥᠬᠡᠶ ᠵᠡᠷᠭᠡ ᠪᠠᠭᠲᠠᠨ᠎ᠠ᠃ ᠳᠠᠷᠠᠭ᠎ᠠ ᠨᠢ᠂ ᠡᠲᠡᠭᠡᠷ ᠠᠰᠠᠭᠤᠳᠠᠯ ᠳᠤ ᠴᠢᠭᠯᠡᠭᠦᠯᠦᠨ᠂ ᠬᠤᠷᠠᠯ ᠠᠴᠠ ᠭᠦᠨᠵᠡᠭᠡᠶ ᠶᠠᠷᠢᠯᠴᠠᠬᠤ ᠶᠢᠨ ᠬᠠᠮᠲᠤ ᠠᠯᠢ ᠣᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠳᠤᠷᠠᠳᠴᠠᠶ᠄ ᠨᠢᠭᠡ ᠳᠤ ᠠᠵᠢᠯ ᠤᠨ ᠳᠠᠩ ᠭᠦᠢᠯᠭᠡᠭᠡ ᠶᠢ ᠰᠢᠯᠢᠳᠡᠭᠵᠢᠭᠦᠯᠬᠦ ᠲᠣᠭᠲᠠᠴᠠ ᠶᠢ ᠰᠢᠯᠢᠳᠡᠭᠵᠢᠭᠦᠯᠵᠦ᠂ ᠡᠯ᠎ᠡ ᠭᠤᠭᠴᠣᠭᠠᠨ ᠤ ᠰᠢᠢᠳᠪᠦᠷᠢᠯᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠬᠠᠭᠤᠳᠠᠰᠤ ᠶᠢ ᠲᠦᠷᠭᠡᠨ ᠳᠠᠭᠠᠵᠤ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠨ᠎ᠠ︔ ᠬᠤᠶᠠᠷ ᠲᠤ ᠠᠵᠢᠯᠲᠠᠳ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠴᠢᠩᠭᠠᠳᠬᠠᠵᠤ᠂ ᠲᠡᠳᠡᠨᠤᠰ ᠤᠨ ᠲᠥᠷᠥ ᠶᠢᠨ ᠪᠣᠳᠣᠯᠭ᠎ᠠ ᠶᠢᠨ ᠲᠠᠶᠢᠯᠪᠤᠷᠢᠯᠠᠬᠤ ᠴᠢᠳᠠᠪᠤᠷᠢ ᠪᠠ ᠨᠡᠪᠲᠡᠷᠡᠯᠴᠡᠬᠦ ᠤᠷ᠎ᠠ ᠮᠡᠷᠭᠡᠵᠢᠯ ᠢ ᠳᠡᠭᠡᠭᠰᠢᠯᠡᠭᠦᠯᠵᠦ᠂ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠨᠠᠩ ᠣᠨᠣᠪᠴᠢᠲᠠᠶ ᠡᠵᠡᠮᠰᠢᠬᠦ ᠳᠤ ᠲᠥᠬᠦᠮ ᠪᠣᠯᠭᠠᠨ᠎ᠠ︔ ᠭᠤᠷᠪᠠ ᠳᠤ᠂ ᠬᠦᠴᠢᠷ ᠲᠦᠪᠡᠭᠲᠡᠶ ᠠᠵᠢᠯ ᠤᠨ ᠬᠠᠭᠤᠳᠠᠰᠤ ᠶᠢ ᠵᠥᠪᠳᠡᠯᠴᠡᠬᠦ ᠲᠦᠷᠢᠮ ᠢ ᠪᠠᠶᠢᠭᠤᠯᠵᠤ᠂ ᠬᠦᠴᠦᠨ ᠢᠶᠠᠨ ᠲᠥᠪᠯᠡᠷᠡᠭᠦᠯᠦᠨ ᠪᠤᠳᠤᠯᠢᠶᠠᠨᠲᠠᠶ ᠠᠰᠠᠭᠤᠳᠠᠯ ᠢ ᠰᠢᠢᠳᠪᠦᠷᠢᠯᠡᠵᠦ᠂ ᠠᠵᠢᠯ ᠤᠨ ᠬᠠᠭᠤᠳᠠᠰᠤ ᠶᠢᠨ ᠰᠢᠢᠳᠪᠦᠷᠢᠯᠡᠯᠲᠡ ᠶᠢᠨ ᠬᠦᠴᠦᠨ ᠲᠠᠢ ᠬᠤᠭᠤᠴᠠᠭ᠎ᠠ ᠠᠴᠠ ᠬᠡᠲᠦᠷᠡᠬᠦ ᠠᠴᠠ ᠵᠠᠶᠢᠯᠠᠰᠬᠢᠨ᠎ᠡ᠃      ᠡᠭᠦᠨ ᠠᠴᠠ ᠭᠠᠳᠠᠨ᠎ᠠ᠂ ᠠᠵᠢᠯ ᠤᠨ ᠬᠠᠭᠤᠳᠠᠰᠤ ᠶᠢ ᠰᠢᠢᠳᠪᠦᠷᠢᠯᠡᠬᠦ ᠳᠤ ᠬᠤᠯᠪᠣᠭᠳᠠᠭᠰᠠᠨ ᠠᠵᠢᠯᠲᠠᠳ ᠪᠠᠰᠠ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠰᠢᠢᠳᠪᠦᠷᠢᠯᠡᠭᠰᠡᠨ ᠪᠠᠶᠢᠳᠠᠯ᠂ ᠪᠡᠶᠡᠯᠡᠭᠦᠯᠦᠭᠰᠡᠨ ᠨᠣᠷᠮ᠎ᠠ᠂ ᠳᠠᠭᠠᠬᠤ ᠬᠤᠷᠳᠤᠴᠠ ᠵᠡᠷᠭᠡ ᠶᠢ ᠬᠠᠷᠢᠭᠤ ᠮᠡᠳᠡᠭᠦᠯᠦᠭᠰᠡᠨ ᠪᠥᠭᠡᠳ ᠣᠷᠣᠰᠢᠵᠤ ᠪᠠᠶᠢᠭ᠎ᠠ ᠠᠰᠠᠭᠤᠳᠠᠯ᠂ ᠨᠢᠭᠡᠨᠲᠡ ᠠᠪᠤᠭᠰᠠᠨ ᠬᠠᠯᠠᠨ ᠰᠠᠶᠢᠵᠢᠷᠠᠭᠤᠯᠬᠤ ᠠᠷᠭ᠎ᠠ ᠬᠡᠮᠵᠢᠶ᠎ᠡ ᠵᠢᠴᠢ ᠵᠢᠱᠢᠭᠰᠡᠨ ᠪᠡᠶᠡᠯᠡᠭᠦᠯᠬᠦ ᠬᠦᠴᠦᠨ ᠲᠠᠢ ᠬᠤᠭᠤᠴᠠᠭ᠎ᠠ ᠵᠡᠷᠭᠡ ᠶᠢ ᠭᠦᠨᠵᠡᠭᠡᠶ ᠵᠠᠳᠠᠯᠪᠠ᠃      ᠬᠤᠷᠠᠯ ᠤᠨ ᠡᠴᠦᠰ ᠲᠤ᠂ 12345 ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠬᠠᠯᠠᠮᠰᠢᠯ ᠤᠲᠠᠰᠤ ᠪᠣᠯ ᠵᠠᠰᠠᠭ ᠤᠨ ᠣᠷᠳᠣᠨ ᠬᠢᠭᠡᠳ ᠰᠠᠭᠤᠭᠠᠯᠢ ᠠᠷᠠᠳ ᠢ ᠬᠤᠯᠪᠣᠬᠤ ᠴᠢᠬᠤᠯᠠ ᠬᠥᠭᠦᠷᠭᠡ ᠮᠥᠨ᠂ ᠪᠥᠬᠦ ᠠᠵᠢᠯᠲᠠᠳ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠩ ᠢᠳᠡᠪᠬᠢᠲᠡᠶ ᠣᠪᠣᠷ᠂ ᠨᠠᠩ ᠯᠠᠪᠳᠠᠭᠤᠨ ᠪᠠᠲᠤᠲᠠᠶ ᠠᠵᠢᠯ ᠤᠨ ᠰᠤᠷᠲᠠᠯ ᠢᠶᠠᠷ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠦᠨᠡᠨ ᠬᠦ ᠰᠠᠭᠤᠭᠠᠯᠢ ᠠᠷᠠᠳ ᠤᠨ ︽ᠰᠡᠳᠬᠢᠯ ᠢ ᠳᠤᠯᠠᠭᠠᠴᠠᠭᠤᠯᠬᠤ ᠱᠤᠭᠤᠮ︾ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠭᠰᠠᠨ ᠪᠠᠶᠢᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号