ᠴᠢᠩᠱᠠᠨ ᠲᠣᠭᠤᠷᠢᠭ ᠤᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠰᠢᠶᠠᠩ ᠪᠠᠯᠭᠠᠰᠤ ᠵᠡᠭᠡᠯᠢ ᠭᠤᠳᠤᠮᠵᠢ ᠳᠤ ᠰᠠᠭᠤᠵᠤ ᠶᠡᠷᠦᠩᠬᠡᠶᠢᠯᠡᠨ ᠵᠠᠰᠠᠬᠤ ᠲᠥᠪ ᠤᠨ ᠠᠵᠢᠯ ᠤᠨ ᠲᠣᠭᠲᠠᠴᠠ ᠶᠢ ᠵᠣᠯᠭᠠᠭᠤᠯᠬᠤ ᠬᠤᠷᠠᠯ ᠤᠷᠤᠭᠰᠢᠲᠠᠢ ᠬᠤᠷᠠᠯᠳᠤᠪᠠ
ᠨᠡᠶᠢᠲᠡᠯᠡᠭᠰᠡᠨ ᠴᠠᠭ᠄
2025/2/25
      2 ᠰᠠᠷ᠎ᠠ ᠶᠢᠨ 21᠎ ᠤ ᠡᠳᠦᠷ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ︽ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠰᠢᠶᠠᠩ ᠪᠠᠯᠭᠠᠰᠤ ᠵᠡᠭᠡᠯᠢ ᠭᠤᠳᠤᠮᠵᠢ ᠳᠤ ᠣᠷᠣᠵᠤ ᠰᠠᠭᠤᠬᠤ  ᠶᠡᠷᠦᠩᠬᠡᠶᠢᠯᠡᠨ ᠵᠠᠰᠠᠬᠤ ᠲᠥᠪ ᠤᠨ ᠠᠵᠢᠯ ᠤᠨ ᠲᠣᠭᠲᠠᠴᠠ︾᠎ ᠶᠢ ᠵᠣᠯᠭᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠪᠡ᠃       ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠲᠤᠰᠬᠠᠶ ᠬᠠᠤᠯᠢ ᠴᠠᠭᠠᠵᠠ ᠶᠢᠨ ᠡᠬᠢ ᠪᠠᠶᠠᠯᠢᠭ ᠬᠢᠭᠡᠳ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠤᠨ ᠦᠨᠳᠦᠰᠦᠨ ᠱᠠᠲᠤᠨ ᠤ ᠦᠢᠯᠡᠴᠢᠯᠡᠭᠡᠨ ᠤ ᠳᠠᠪᠠᠭᠤᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠦᠨᠳᠦᠰᠦᠨ ᠱᠠᠲᠤᠨ ᠤ ᠵᠠᠰᠠᠯᠲᠠ ᠳᠤ ᠲᠤᠯᠭᠠᠷᠠᠵᠤ ᠪᠠᠶᠢᠭ᠎ᠠ ᠬᠠᠤᠯᠢ ᠴᠠᠭᠠᠵᠠ ᠶᠢᠨ ᠬᠦᠴᠢᠷ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠦᠷᠲᠡᠮᠵᠢ ᠶᠢᠨ ᠲᠥᠷᠥᠭᠳᠡᠯ ᠢ ᠨᠡᠮᠡᠭᠳᠡᠭᠦᠯᠦᠨ᠎ᠡ᠃ ᠡᠨᠡ ᠪᠣᠯ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠬᠤ ᠪᠠᠷ ᠪᠠᠷᠠᠬᠤ ᠦᠭᠡᠢ ᠪᠠᠰᠠ ᠴᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠤᠨ ᠣᠳᠣᠬᠢᠴᠢᠯᠠᠯᠲᠠ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠤᠨ᠎ᠠ᠃      ᠲᠣᠰ ᠤᠳᠠᠭᠠᠨ ᠤ ᠵᠣᠯᠭᠠᠭᠤᠯᠬᠤ ᠬᠤᠷᠠᠯ ᠢ ᠠᠮᠵᠢᠯᠲᠠ ᠲᠠᠢ ᠡᠷᠬᠢᠯᠡᠭᠰᠡᠨ ᠨᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠪᠣᠯᠤᠨ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠶᠡᠷᠦᠩᠬᠡᠶᠢᠯᠡᠨ ᠵᠠᠰᠠᠬᠤ ᠲᠥᠪ ᠤᠨ ᠬᠠᠮᠲᠤᠷᠠᠯᠴᠠᠭ᠎ᠠ ᠳᠤ ᠪᠠᠲᠤ ᠪᠠᠬᠢ ᠲᠠᠪᠴᠠᠩ ᠪᠠᠶᠢᠭᠤᠯᠵᠤ ᠥᠭᠴᠡᠶ᠂ ᠡᠨᠡ ᠨᠢ ᠦᠨᠳᠦᠰᠦᠨ ᠱᠠᠲᠤᠨ ᠤ ᠬᠠᠤᠯᠢᠵᠢᠯ ᠤᠨ ᠪᠠᠶᠢᠭᠤᠯᠤᠯᠲᠠ ᠴᠢᠬᠤᠯᠠ ᠨᠢᠭᠡ ᠠᠯᠬᠤᠮ ᠢ ᠠᠯᠬᠤᠭᠰᠠᠨ ᠢ ᠬᠠᠷᠠᠭᠤᠯᠵᠤ ᠪᠠᠶᠢᠨ᠎ᠠ᠃ ᠢᠷᠡᠭᠡᠳᠦᠢ ᠳᠤ᠂ ᠬᠤᠶᠠᠷ ᠡᠲᠡᠭᠡᠳ ᠢᠶᠠᠷ ᠢᠶᠠᠨ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠲᠤᠰ ᠲᠤᠰ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠡᠶ᠎ᠡ ᠵᠣᠬᠢᠴᠠᠩᠭᠤᠢ ᠲᠣᠭᠲᠠᠭᠤᠨ ᠦᠨᠳᠦᠰᠦᠨ ᠱᠠᠲᠤᠨ ᠤ ᠨᠡᠶᠢᠭᠡᠮ ᠤᠨ ᠣᠷᠴᠢᠨ ᠲᠣᠭᠤᠷᠢᠨ ᠢ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠵᠦ᠂ ᠤᠯᠠᠨ ᠲᠦᠮᠡᠨ ᠳᠤ ᠨᠡᠩ ᠤᠯᠠᠨ ᠦᠨᠡᠨ ᠪᠣᠳᠠᠲᠠᠢ ᠬᠠᠤᠯᠢᠵᠢᠯ ᠤᠨ ᠠᠵᠠ ᠵᠢᠷᠭᠠᠯ ᠢ ᠨᠡᠮᠡᠷᠢᠯᠡᠨ᠎ᠡ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号