ᠪᠤᠭᠤᠲᠤ ᠶᠢᠨ ᠠᠲ᠋ᠧᠰ 5GW ᠶᠢᠨ ᠬᠠᠭᠠᠰ ᠰᠠᠷ᠎ᠠ ᠶᠢᠨ ᠴᠠᠬᠢᠭᠤᠷ ᠰᠢᠳᠠᠮ ᠢ ᠲᠣᠨᠤᠭ | ᠲᠥᠬᠦᠭᠡᠷᠦᠮᠵᠢ ᠶᠢᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ | ᠣᠲᠣ ᠪᠠᠶᠢᠭ᠎ᠠ ᠴᠢᠳᠬᠤᠮᠠᠯ ᠰᠢᠳᠠᠮ ᠤᠨ ᠦᠢᠯᠡᠳᠪᠦᠷᠢ ᠶᠢᠨ ᠲᠠᠰᠤᠭ ᠵᠢᠴᠢ ᠪᠤᠰᠤᠳ ᠢᠵᠢ ᠪᠥᠷᠢᠳᠦᠭᠰᠡᠨ | ᠲᠥᠬᠦᠭᠡᠷᠦᠮᠵᠢ ᠶᠢ ᠥᠭᠡᠷᠡᠴᠢᠯᠡᠨ ᠪᠠᠶᠢᠭᠤᠯᠵᠤ᠂ ᠨᠡᠶᠢᠲᠡ 1 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ | 2025 ᠣᠨ ᠳᠤ 0.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ | ᠪᠠᠷᠢᠯᠭ᠎ᠠ ᠶᠢᠨ ᠲᠠᠯᠠᠪᠠᠶ ᠨᠢ ᠪᠠᠷᠤᠭ 0.36 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠨᠣᠮᠣᠨ ᠣᠷᠣᠢ ᠠᠴᠠ | ᠳᠥᠷᠪᠡᠯᠵᠢ ᠭᠠᠷᠭᠠᠬᠤ ᠮᠠᠰᠢᠨ᠂ ᠴᠢᠬᠢᠨ ᠣᠷᠣᠶ ᠶᠢ ᠨᠡᠭᠡᠭᠡᠬᠦ ᠮᠠᠰᠢᠨ᠂ ᠨᠢᠭᠤᠷ ᠵᠠᠰᠠᠬᠤ ᠮᠠᠰᠢᠨ ᠵᠡᠷᠭᠡ | ᠦᠢᠯᠡᠳᠪᠦᠷᠢᠯᠡᠯ ᠤᠨ ᠲᠥᠬᠦᠭᠡᠷᠦᠮᠵᠢ ᠶᠢ ᠬᠤᠳᠠᠯᠳᠤᠨ ᠠᠪᠴᠤ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ ᠵᠢᠯ ᠳᠤ | 5GW ᠬᠠᠭᠠᠰ ᠰᠠᠷ᠎ᠠ ᠶᠢᠨ ᠴᠠᠬᠢᠭᠤᠷ ᠰᠢᠳᠠᠮ ᠤᠨ ᠦᠢᠯᠡᠳᠪᠦᠷᠢᠯᠡᠯ ᠤᠨ ᠬᠡᠪᠴᠢᠶ᠎ᠡ ᠶᠢ ᠪᠦᠷᠢᠯᠳᠦᠭᠦᠯᠦᠨ᠎ᠡ᠃ | ᠠᠲ᠋ᠧᠰ ᠣᠳᠣ ᠶᠢᠨ ᠪᠠᠶᠢᠭ᠎ᠠ ᠪᠠᠷᠢᠯᠭ᠎ᠠ ᠶᠢᠨ ᠲᠠᠩ ᠲᠠᠯᠠᠰᠲᠤ ᠴᠠᠬᠢᠭᠤᠷ ᠤᠨ ᠦᠢᠯᠡᠳᠪᠦᠷᠢᠯᠡᠯ ᠤᠨ ᠭᠤᠣᠯ | ᠠᠵᠢᠯ ᠤᠨ ᠳᠡᠰ ᠳᠠᠷᠠᠭᠠᠯᠠᠯ ᠨᠢ ᠲᠠᠲᠠᠭᠤᠷ᠂ ᠬᠠᠭᠠᠯᠬᠤ᠂ ᠨᠤᠭᠤᠯᠤᠭᠤᠷ᠂ ᠲᠡᠭᠡᠷᠮ᠎ᠡ᠂ ᠬᠡᠷᠴᠢᠬᠦ ᠵᠡᠷᠭᠡ ᠪᠠᠶᠢᠵᠤ᠂ ᠬᠠᠵᠠᠭᠤ | ᠲᠠᠯ᠎ᠠ ᠶᠢᠨ ᠬᠠᠶᠠᠭᠳᠠᠮᠠᠯ ᠡᠳ᠋ ᠢ ᠪᠦᠬᠦᠨ ᠢ ᠬᠡᠮᠬᠡᠯᠦᠭᠰᠡᠨ ᠤ ᠳᠠᠷᠠᠭ᠎ᠠ ᠲᠠᠩ ᠲᠠᠯᠠᠰᠲᠤ ᠴᠠᠬᠢᠭᠤᠷ ᠤᠨ | ᠦᠢᠯᠡᠳᠪᠦᠷᠢᠯᠡᠯ ᠤᠨ ᠲᠦᠭᠦᠬᠡᠶ ᠮᠠᠲ᠋ᠧᠷᠢᠶᠠᠯ ᠪᠣᠯᠭᠠᠵᠤ ᠳᠠᠬᠢᠨ ᠭᠦᠸᠧᠯᠦ ᠳᠤ ᠰᠢᠳᠠᠮ ᠢᠶᠠᠷ ᠦᠢᠯᠡᠳᠪᠦᠷᠢᠯᠡᠵᠦ᠂ | ᠳᠠᠩ ᠲᠠᠯᠠᠰᠲᠤ ᠴᠠᠬᠢᠭᠤᠷ ᠤᠨ ᠬᠠᠪᠲᠠᠭᠠᠶ ᠰᠢᠳᠠᠮ ᠤᠨ ᠭᠠᠷᠤᠯᠲᠠ ᠵᠢᠴᠢ ᠦᠢᠯᠡᠳᠪᠦᠷᠢᠯᠡᠯ ᠤᠨ ᠦᠷ᠎ᠡ | ᠪᠦᠲᠦᠮᠵᠢ ᠶᠢ ᠵᠣᠬᠢᠬᠤ ᠬᠡᠮᠵᠢᠶ᠎ᠡ ᠪᠠᠷ ᠨᠥᠯᠥᠭᠡᠯᠡᠨ᠎ᠡ᠃ ᠪᠤᠭᠤᠲᠤ ᠶᠢᠨ ᠠᠲ᠋ᠧᠰ 5GW ᠬᠠᠭᠠᠰ ᠰᠠᠷ᠎ᠠ ᠶᠢᠨ | ᠴᠠᠬᠢᠭᠤᠷ ᠤᠨ ᠰᠢᠳᠠᠮ ᠤᠨ ᠲᠥᠷᠥᠯ ᠵᠦᠢᠯ ᠨᠢ ᠣᠲᠣ ᠶᠢᠨ ᠪᠠᠷᠢᠯᠭ᠎ᠠ ᠶᠢᠨ ᠲᠠᠩ ᠲᠠᠯᠠᠰᠲᠤ ᠴᠠᠬᠢᠭᠤᠷ ᠰᠢᠳᠠᠮ ᠤᠨ | ᠬᠦᠪᠡᠭᠡ ᠶᠢᠨ ᠬᠠᠶᠠᠭᠳᠠᠮᠠᠯ ᠡᠳ᠋ ᠢ ᠥᠨᠳᠥᠷ ᠪᠦᠲᠦᠮᠵᠢᠲᠡᠶ ᠪᠠᠷ ᠪᠣᠯᠪᠠᠰᠤᠷᠠᠭᠤᠯᠤᠨ ᠳᠠᠬᠢᠨ ᠠᠰᠢᠭᠯᠠᠬᠤ ᠶᠢ | ᠪᠡᠶᠡᠯᠡᠭᠦᠯᠵᠦ᠂ ᠦᠢᠯᠡᠳᠪᠦᠷᠢ ᠶᠢᠨ ᠲᠣᠭᠤᠷᠢᠭ ᠤᠨ ᠪᠦᠬᠦᠯᠢ ᠴᠣᠭᠴᠠ ᠶᠢᠨ ᠠᠵᠤ ᠠᠬᠤᠶ ᠶᠢᠨ ᠦᠷ᠎ᠡ ᠠᠰᠢᠭ ᠢ | ᠲᠦᠢᠯ ᠤᠨ ᠶᠡᠭᠡ ᠪᠠᠷ ᠳᠡᠭᠡᠭᠰᠢᠯᠡᠭᠦᠯᠵᠦ ᠴᠢᠳᠠᠨ᠎ᠠ᠃ | ᠣᠳᠣᠬᠠᠨ ᠳᠤ᠂ 5 ᠦᠢᠯᠡᠳᠪᠦᠷᠢᠯᠡᠯ ᠤᠨ ᠱᠤᠭᠤᠮ ᠢ ᠨᠢᠭᠡᠨᠲᠡ ᠪᠦᠬᠦᠨ ᠢ ᠲᠤᠷᠰᠢᠨ ᠲᠣᠬᠢᠷᠠᠭᠤᠯᠵᠤ | ᠳᠠᠭᠤᠰᠴᠤ᠂ ᠲᠤᠷᠰᠢᠨ ᠦᠢᠯᠡᠳᠪᠦᠷᠢᠯᠡᠬᠦ ᠱᠠᠲᠤᠨ ᠳᠤ ᠣᠷᠣᠵᠤ᠂ 2025 ᠣᠨ ᠤ 2 ᠳ᠋ᠤᠭᠠᠷ ᠰᠠᠷ᠎ᠠ ᠶᠢᠨ 17 ᠤ | ᠡᠳᠦᠷ ᠵᠢᠩᠬᠢᠨᠢ ᠪᠠᠷ ᠠᠵᠢᠯ ᠢᠶᠠᠨ ᠰᠡᠷᠭᠦᠭᠡᠵᠦ᠂ ᠲᠥᠬᠦᠭᠡᠷᠦᠮᠵᠢ ᠶᠢ ᠲᠠᠯᠠᠪᠤᠷ ᠲᠤ ᠣᠷᠣᠭᠤᠯᠤᠨ ᠲᠤᠷᠰᠢᠨ | ᠲᠣᠬᠢᠷᠠᠭᠤᠯᠬᠤ ᠠᠵᠢᠯ ᠢ ᠲᠦᠷᠭᠡᠳᠬᠡᠨ ᠠᠬᠢᠭᠤᠯᠵᠤ ᠪᠠᠶᠢᠨ᠎ᠠ᠃ | | | | | | |