ᠲᠦᠰᠦᠪ ᠢ ᠨᠢᠭᠡ ᠴᠤᠭᠴᠠᠵᠢᠭᠤᠯᠬᠤ ᠰᠢᠰᠲ᠋ᠧᠮ ᠨᠢ ᠬᠢᠨᠠᠨ ᠪᠤᠳᠤᠬᠤ ᠮᠡᠳᠡᠭᠡ ᠵᠠᠩᠭᠢ ᠶᠢᠨ ᠪᠠᠬᠢᠯᠡᠯᠲᠡ ᠶᠢᠨ ᠬᠤᠷᠢᠭ᠎ᠠ ᠶᠢ ᠡᠪᠳᠡᠪᠡ
ᠨᠡᠶᠢᠲᠡᠯᠡᠭᠰᠡᠨ ᠴᠠᠭ᠄
2025/2/25
      ᠲᠥᠰᠦᠪ ᠢ ᠨᠢᠭᠡ ᠴᠣᠭᠴᠠᠵᠢᠭᠤᠯᠬᠤ ᠰᠢᠰᠲ᠋ᠧᠮ ᠨᠢ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ᠂ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠬᠦ ᠪᠠ ᠴᠠᠭ ᠲᠤᠬᠠᠶ ᠳᠤᠨᠢ ᠬᠢᠨᠠᠨ ᠡᠵᠡᠮᠳᠡᠬᠦ ᠵᠡᠷᠭᠡ ᠴᠢᠳᠠᠮᠵᠢ ᠪᠠᠷ ᠳᠠᠮᠵᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢᠨ ᠪᠠᠬᠢᠯᠡᠯᠲᠡ ᠶᠢ ᠪᠦᠲᠦᠮᠵᠢᠲᠡᠶ ᠪᠠᠷ ᠡᠪᠳᠡᠵᠦ᠂ ᠬᠢᠨᠠᠨ ᠪᠤᠳᠤᠬᠤ ᠰᠠᠯᠠᠭ᠎ᠠ ᠮᠥᠴᠢᠷ ᠲᠤ ᠲᠥᠰᠦᠪ ᠤᠨ ᠲᠤᠭ᠎ᠠ ᠪᠠᠷᠢᠮᠲᠠ ᠶᠢ ᠨᠠᠩ ᠳᠥᠭᠦᠮ ᠳᠥᠲᠡ ᠤᠯᠬᠤ ᠪᠠ ᠵᠠᠳᠠᠯᠵᠤ᠂ ᠬᠢᠨᠠᠨ ᠪᠤᠳᠤᠬᠤ ᠦᠷ᠎ᠡ ᠪᠦᠲᠦᠮᠵᠢ ᠪᠠ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃      ᠨᠢᠭᠡ ᠳᠤ ᠡᠳ᠋ ᠤᠨ ᠵᠠᠰᠠᠭ ᠤᠨ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠪᠠ ᠡᠮᠬᠢᠯᠡᠨ ᠨᠡᠶᠢᠯᠡᠭᠦᠯᠬᠦ ᠶᠢ ᠪᠡᠶᠡᠯᠡᠭᠦᠯᠦᠨ᠎ᠡ᠃ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠳᠤ ᠰᠠᠭᠤᠷᠢ ᠮᠡᠳᠡᠭᠡ ᠵᠠᠩᠭᠢ ᠶᠢᠨ ᠬᠠᠮᠢᠶᠠᠷᠤᠯᠲᠠ᠂ ᠲᠦᠷᠦᠯ ᠵᠦᠢᠯ ᠤᠨ ᠬᠥᠮᠥᠷᠭᠡ ᠶᠢᠨ ᠬᠠᠮᠢᠶᠠᠷᠤᠯᠲᠠ᠂ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ ᠬᠡᠷᠡᠭᠵᠢᠭᠦᠯᠬᠦ᠂ ᠨᠢᠭᠲᠠᠯᠠᠨ ᠪᠤᠳᠤᠵᠤ ᠲᠣᠭᠠᠴᠠᠭ᠎ᠠ ᠬᠢᠬᠦ ᠵᠢᠴᠢ ᠲᠥᠰᠦᠪ ᠤᠨ ᠭᠦᠢᠴᠡᠳᠬᠡᠯ ᠤᠨ ᠮᠡᠳᠡᠭᠦᠯᠦᠯᠲᠡ ᠵᠡᠷᠭᠡ ᠬᠡᠰᠡᠭ ᠢ ᠬᠤᠷᠠᠮᠳᠤᠭᠤᠯᠵᠤ᠂ ᠲᠥᠰᠦᠪ ᠢ ᠨᠠᠶᠢᠷᠠᠭᠤᠯᠤᠨ ᠵᠣᠬᠢᠶᠠᠬᠤ᠂ ᠬᠡᠷᠡᠭᠵᠢᠭᠦᠯᠬᠦ᠂ ᠬᠢᠨᠠᠨ ᠡᠵᠡᠮᠳᠡᠬᠦ ᠪᠠ ᠵᠠᠳᠠᠯᠬᠤ ᠵᠡᠷᠭᠡ ᠪᠦᠬᠦ ᠶᠠᠪᠤᠴᠠ ᠶᠢ ᠡᠮᠬᠢᠯᠡᠨ ᠨᠡᠶᠢᠯᠡᠭᠦᠯᠵᠦ᠂ ᠲᠤᠭ᠎ᠠ ᠪᠠᠷᠢᠮᠲᠠ ᠶᠢ ᠨᠢᠭᠡᠳᠦᠯᠲᠡᠢ ᠬᠠᠮᠢᠶᠠᠷᠬᠤ ᠪᠠ ᠪᠠᠷᠢᠮᠵᠢᠶᠠᠵᠢᠭᠤᠯᠬᠤ ᠶᠢ ᠪᠡᠶᠡᠯᠡᠭᠦᠯᠵᠦ᠂ ᠡᠳ᠋ ᠤᠨ ᠵᠠᠰᠠᠭ ᠤᠨ ᠪᠡᠯᠡ ᠮᠥᠩᠭᠦ ᠶᠢ ᠲᠦᠷᠦᠯ ᠵᠦᠢᠯ ᠤᠨ ᠬᠥᠮᠥᠷᠭᠡ ᠶᠢᠨ ᠬᠠᠮᠢᠶᠠᠷᠤᠯᠲᠠ ᠠᠴᠠ ᠲᠥᠰᠦᠪ ᠤᠨ ᠭᠦᠢᠴᠡᠳᠬᠡᠯ ᠤᠨ ᠪᠦᠬᠦ ᠦᠶᠡᠯᠡᠯ ᠤᠨ ᠬᠤᠭᠤᠴᠠᠭᠠᠨ ᠤ ᠬᠠᠮᠢᠶᠠᠷᠤᠯᠲᠠ ᠬᠦᠷᠲᠡᠯ᠎ᠡ ᠪᠡᠶᠡᠯᠡᠭᠦᠯᠪᠡ᠃ ᠡᠶᠢᠮᠦᠷᠬᠦᠦ ᠲᠥᠪᠯᠡᠷᠡᠭᠦᠯᠦᠭᠰᠡᠨ ᠬᠠᠮᠢᠶᠠᠷᠤᠯᠲᠠ ᠶᠢᠨ ᠠᠷᠭ᠎ᠠ ᠮᠠᠶ᠋ᠢᠭ ᠨᠢ ᠡᠳ᠋ ᠤᠨ ᠵᠠᠰᠠᠭ᠂ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠵᠡᠷᠭᠡ ᠣᠯᠠᠨ ᠡᠬᠢᠲᠦ ᠲᠤᠭ᠎ᠠ ᠪᠠᠷᠢᠮᠲᠠ ᠶᠢ ᠲᠥᠪᠯᠡᠷᠡᠭᠦᠯᠦᠨ ᠬᠠᠮᠢᠶᠠᠷᠬᠤ ᠪᠠ ᠬᠠᠮᠲᠤ ᠪᠠᠷ ᠡᠳ᠋ᠯᠡᠵᠦ᠂ ᠲᠤᠭ᠎ᠠ ᠪᠠᠷᠢᠮᠲᠠ ᠶᠢᠨ ᠭᠠᠭᠴᠠᠭᠠᠷᠳᠠᠬᠤ ᠦᠵᠡᠭᠳᠡᠯ ᠠᠴᠠ ᠵᠠᠶᠢᠯᠠᠰᠬᠢᠵᠦ ᠴᠢᠳᠠᠨ᠎ᠠ᠃      ᠬᠤᠶᠠᠷ ᠲᠤ᠂ ᠡᠳ᠋ ᠤᠨ ᠵᠠᠰᠠᠭ ᠤᠨ ᠲᠤᠭ᠎ᠠ ᠪᠠᠷᠢᠮᠲᠠ ᠶᠢᠨ ᠢᠯᠡ ᠲᠣᠳᠣ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠲᠥᠰᠦᠪ ᠢ ᠨᠢᠭᠡ ᠴᠣᠭᠴᠠᠵᠢᠭᠤᠯᠬᠤ ᠰᠢᠰᠲ᠋ᠧᠮ ᠨᠢ ᠡᠳ᠋ ᠤᠨ ᠵᠠᠰᠠᠭ ᠤᠨ ᠲᠤᠭ᠎ᠠ ᠪᠠᠷᠢᠮᠲᠠ ᠶᠢᠨ ᠪᠠᠷᠢᠮᠵᠢᠶ᠎ᠠ ᠪᠠ ᠵᠠᠭᠪᠤᠷ ᠢ ᠨᠢᠭᠡᠳᠦᠯᠲᠡᠶ ᠪᠣᠯᠭᠠᠵᠤ᠂ ᠲᠤᠭ᠎ᠠ ᠪᠠᠷᠢᠮᠲᠠ ᠶᠢᠨ ᠣᠨᠣᠪᠴᠢᠲᠤ ᠴᠢᠨᠠᠷ ᠪᠠ ᠨᠢᠭᠡᠳᠦᠯᠲᠦ ᠴᠢᠨᠠᠷ ᠢ ᠦᠨᠡᠨ ᠬᠦ ᠪᠠᠲᠤᠯᠠᠪᠠ᠃ ᠬᠢᠨᠠᠨ ᠪᠣᠳᠣᠬᠤ ᠰᠠᠯᠠᠭ᠎ᠠ ᠮᠥᠴᠢᠷ ᠰᠢᠰᠲ᠋ᠧᠮ ᠢᠶᠠᠷ ᠳᠠᠮᠵᠢᠨ ᠡᠯ᠎ᠡ ᠰᠠᠯᠠᠭ᠎ᠠ ᠮᠥᠴᠢᠷ ᠤᠨ ᠲᠥᠰᠦᠪ ᠢ ᠭᠦᠢᠴᠡᠳᠬᠡᠭᠰᠡᠨ ᠲᠤᠭ᠎ᠠ ᠪᠠᠷᠢᠮᠲᠠ ᠶᠢ ᠰᠢᠭᠤᠳ ᠣᠯᠵᠤ ᠪᠣᠯᠤᠨ᠎ᠠ᠂ ᠳᠠᠬᠢᠨ ᠣᠯᠠᠨ ᠰᠠᠯᠠᠭ᠎ᠠ ᠮᠥᠴᠢᠷ ᠲᠠᠢ ᠨᠡᠪᠲᠡᠷᠡᠯᠴᠡᠨ ᠵᠣᠬᠢᠴᠠᠭᠤᠯᠬᠤ ᠴᠢᠬᠤᠯᠠ ᠦᠭᠡᠢ᠂ ᠲᠤᠭ᠎ᠠ ᠪᠠᠷᠢᠮᠲᠠ ᠶᠢ ᠤᠯᠬᠤ ᠦᠷ᠎ᠡ ᠪᠦᠲᠦᠮᠵᠢ ᠶᠢ ᠶᠡᠭᠡ ᠪᠠᠷ ᠳᠡᠭᠡᠭᠰᠢᠯᠡᠭᠦᠯᠦᠭᠰᠡᠨ ᠪᠥᠭᠡᠳ ᠬᠢᠨᠠᠨ ᠪᠣᠳᠣᠬᠤ ᠬᠡᠰᠡᠭ ᠢ ᠲᠥᠰᠦᠪ ᠤᠨ ᠪᠡᠯᠡ ᠮᠥᠩᠭᠦ ᠶᠢᠨ ᠬᠠᠨᠳᠤᠰᠢ ᠪᠠ ᠬᠡᠷᠡᠭᠯᠡᠯᠲᠡ ᠶᠢᠨ ᠪᠠᠶᠢᠳᠠᠯ ᠢ ᠨᠡᠩ ᠲᠣᠳᠣᠷᠬᠠᠶ ᠣᠶᠢᠯᠠᠭᠠᠭᠤᠯᠵᠤ᠂ ᠲᠤᠭ᠎ᠠ ᠪᠠᠷᠢᠮᠲᠠ ᠨᠢ ᠨᠢᠭᠡᠳᠦᠯ ᠦᠭᠡᠢ ᠪᠤᠶᠤ ᠢᠯᠡ ᠲᠣᠳᠣ ᠦᠭᠡᠢ ᠠᠴᠠ ᠪᠣᠯᠤᠭᠰᠠᠨ ᠬᠢᠨᠠᠨ ᠪᠣᠳᠣᠬᠤ ᠲᠦᠭᠰᠢᠭᠦᠷᠢ ᠶᠢ ᠪᠠᠭᠠᠰᠬᠠᠭᠰᠠᠨ ᠪᠠᠶᠢᠨ᠎ᠠ᠃      ᠭᠤᠷᠪᠠ ᠳᠤ᠂ ᠴᠠᠭ ᠲᠤᠬᠠᠶ ᠳᠤᠨᠢ ᠬᠢᠨᠠᠨ ᠡᠵᠡᠮᠳᠡᠬᠦ ᠪᠠ ᠬᠥᠳᠡᠯᠦᠩᠭᠦᠶ ᠵᠠᠳᠠᠯᠤᠯᠲᠠ ᠬᠢᠬᠦ ᠶᠢ ᠪᠡᠶᠡᠯᠡᠭᠦᠯᠦᠨ᠎ᠡ᠃ ᠲᠥᠰᠦᠪ ᠢ ᠨᠢᠭᠡ ᠴᠤᠭᠴᠠᠵᠢᠭᠤᠯᠬᠤ ᠰᠢᠰᠲ᠋ᠧᠮ ᠨᠢ ᠪᠡᠯᠡ ᠮᠥᠩᠭᠦ ᠨᠢᠭᠡᠪᠦᠷᠢ ᠶᠢ ᠴᠠᠭ ᠲᠤᠬᠠᠶ ᠳᠤᠨᠢ ᠲᠡᠮᠳᠡᠭᠯᠡᠬᠦ ᠪᠠ ᠬᠥᠳᠡᠯᠦᠩᠭᠦᠶ ᠪᠠᠷ ᠮᠥᠷᠳᠡᠨ ᠬᠢᠨᠠᠨ ᠡᠵᠡᠮᠳᠡᠵᠦ᠂ ︽ᠳᠠᠷᠤᠢ ᠳᠤᠨᠢ ᠬᠢᠨᠠᠬᠤ᠂ ᠪᠠᠶᠢᠴᠠᠭᠠᠬᠤ᠂ ᠬᠠᠮᠢᠶᠠᠷᠬᠤ︾ ᠶᠢ ᠪᠡᠶᠡᠯᠡᠭᠦᠯᠵᠦ᠂ ᠤᠯᠠᠮᠵᠢᠯᠠᠯᠲᠤ ᠬᠢᠨᠠᠯᠲᠠ ᠲᠠᠯᠪᠢᠬᠤ ᠠᠷᠭ᠎ᠠ ᠮᠠᠶ᠋ᠢᠭ ᠤᠨ ᠴᠠᠭ ᠬᠤᠭᠤᠴᠠᠭ᠎ᠠ ᠪᠠ ᠬᠡᠰᠡᠭ ᠲᠠᠯ᠎ᠠ ᠶᠢᠨ ᠬᠠᠷᠠᠭᠠᠨ ᠠᠴᠠ ᠪᠣᠯᠤᠭᠰᠠᠨ ᠬᠢᠵᠠᠭᠠᠷᠯᠠᠯ ᠢ ᠡᠪᠳᠡᠪᠡ᠃ ᠬᠢᠨᠠᠨ ᠪᠤᠳᠤᠬᠤ ᠰᠠᠯᠠᠭ᠎ᠠ ᠮᠥᠴᠢᠷ ᠲᠥᠰᠦᠪ ᠤᠨ ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠢ ᠠᠰᠢᠭᠯᠠᠨ ᠲᠥᠰᠦᠪ ᠢ ᠬᠡᠷᠡᠭᠵᠢᠭᠦᠯᠬᠦ ᠶᠠᠪᠤᠴᠠ ᠶᠢ ᠴᠠᠭ ᠲᠤᠬᠠᠶ ᠳᠤᠨᠢ ᠬᠢᠨᠠᠨ ᠡᠵᠡᠮᠳᠡᠵᠦ᠂ ᠪᠠᠯᠠ ᠮᠥᠩᠭᠦ ᠶᠢᠨ ᠬᠡᠷᠡᠭᠵᠢᠭᠦᠯᠦᠯᠲᠡ ᠶᠢᠨ ᠬᠥᠳᠡᠯᠦᠯ ᠪᠠᠶᠢᠳᠠᠯ ᠢ ᠡᠵᠡᠮᠰᠢᠵᠦ᠂ ᠲᠣᠭᠠᠴᠠᠭ᠎ᠠ ᠬᠢᠬᠦ ᠨᠠᠷᠢᠨ ᠪᠠᠶᠢᠳᠠᠯ ᠢ ᠨᠡᠪᠲᠡ ᠣᠶᠢᠯᠠᠭᠠᠵᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠠᠰᠠᠭᠤᠳᠠᠯ ᠤᠨ ᠭᠤᠭᠴᠤᠭ᠎ᠠ ᠪᠠ ᠬᠠᠷᠢᠭᠤᠴᠠᠯᠭ᠎ᠠ ᠶᠢᠨ ᠭᠤᠤᠯ ᠴᠣᠭᠴᠠ ᠶᠢ ᠲᠦᠷᠭᠡᠨ ᠪᠥᠭᠡᠳ ᠣᠨᠣᠪᠴᠢᠲᠠᠶ ᠪᠠᠶᠢᠷᠢ ᠲᠣᠭᠲᠠᠭᠠᠵᠤ ᠪᠣᠯᠤᠨ᠎ᠠ᠃      ᠳᠥᠷᠪᠡ ᠳᠤ ᠬᠢᠨᠠᠨ ᠪᠤᠳᠤᠬᠤ ᠲᠤᠭ᠎ᠠ ᠪᠠᠷᠢᠮᠲᠠ ᠶᠢ ᠶᠡᠷᠦᠩᠬᠡᠶᠢᠯᠡᠨ ᠵᠠᠳᠠᠯᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠥᠰᠦᠪ ᠢ ᠨᠢᠭᠡ ᠴᠣᠭᠴᠠᠵᠢᠭᠤᠯᠬᠤ ᠰᠢᠰᠲ᠋ᠧᠮ ᠠᠴᠠ ᠬᠠᠩᠭᠠᠭᠰᠠᠨ ᠳ᠋ᠠᠶᠢᠲ᠋ᠠ ᠶᠢᠨ ᠡᠬᠢ ᠪᠠᠶᠠᠯᠢᠭ ᠢ ᠠᠰᠢᠭᠯᠠᠨ᠂ ᠳ᠋ᠠᠶᠢᠲ᠋ᠠ ᠶᠢ ᠶᠡᠷᠦᠩᠬᠡᠶᠢᠯᠡᠨ ᠵᠠᠳᠠᠯᠬᠤ ᠪᠣᠯᠪᠠᠰᠤᠷᠠᠭᠤᠯᠤᠯ ᠢ ᠥᠷᠨᠢᠭᠦᠯᠦᠨ᠎ᠡ᠃ ᠲᠤᠭ᠎ᠠ ᠪᠠᠷᠢᠮᠲᠠ ᠶᠢ ᠵᠠᠳᠠᠯᠬᠤ ᠵᠠᠭᠪᠤᠷ ᠢ ᠪᠠᠶᠢᠭᠤᠯᠬᠤ ᠪᠠᠷ ᠳᠠᠮᠵᠢᠭᠤᠯᠤᠨ᠂ ᠲᠥᠰᠦᠪ ᠢ ᠨᠠᠶᠢᠷᠠᠭᠤᠯᠤᠨ ᠵᠣᠬᠢᠶᠠᠭᠰᠠᠨ᠂ ᠬᠡᠷᠡᠭᠵᠢᠭᠦᠯᠦᠭᠰᠡᠨ᠂ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠵᠡᠷᠭᠡ ᠲᠤᠭ᠎ᠠ ᠪᠠᠷᠢᠮᠲᠠ ᠶᠢ ᠭᠦᠨᠵᠡᠭᠡᠶ ᠠᠭᠤᠳᠠᠯᠵᠤ᠂ ᠠᠰᠠᠭᠤᠳᠠᠯ ᠤᠨ ᠰᠡᠵᠢᠭ ᠢ ᠰᠢᠭᠰᠢᠨ ᠪᠠᠶᠢᠴᠠᠭᠠᠨ᠎ᠠ᠃ ᠲᠥᠰᠦᠪ ᠤᠨ ᠬᠠᠮᠢᠶᠠᠷᠤᠯᠲᠠ ᠶᠢ ᠨᠢᠭᠡ ᠴᠣᠭᠴᠠᠵᠢᠬᠤᠯᠬᠤ ᠰᠢᠰᠲ᠋ᠧᠮ ᠨᠢ ᠬᠢᠨ᠋ᠠᠨ ᠪᠤᠳᠣᠬᠤ ᠠᠵᠢᠯ ᠢ ᠲᠤᠷᠰᠢᠯᠭ᠎ᠠ ᠪᠠᠷ ᠬᠥᠳᠡᠯᠭᠡᠭᠦᠷ ᠪᠤᠯᠬᠠᠬᠤ ᠠᠴᠠ ᠲᠤᠭ᠎ᠠ ᠪᠠᠷᠢᠮᠲᠠ ᠪᠠᠷ ᠬᠥᠳᠡᠯᠭᠡᠭᠦᠷ ᠪᠤᠯᠭᠠᠬᠤ ᠬᠤᠪᠢᠷᠠᠬᠤᠯᠤᠨ᠎ᠠ᠃ ᠬᠢᠨᠠᠨ ᠪᠣᠳᠣᠬᠤ ᠠᠵᠢᠯᠲᠠᠳ ᠰᠢᠰᠲ᠋ᠧᠮ ᠳᠠᠬᠢ ᠲᠤᠭ᠎ᠠ ᠪᠠᠷᠢᠮᠲᠠ ᠳᠤ ᠵᠠᠳᠠᠯᠤᠯᠲᠠ ᠬᠢᠵᠦ᠂ ᠳᠠᠯᠳᠠ ᠬᠢᠨᠠᠨ ᠪᠣᠳᠣᠬᠤ ᠰᠡᠵᠢᠭ ᠲᠠᠢ ᠭᠠᠵᠠᠷ ᠢ ᠣᠯᠵᠤ ᠮᠡᠳᠡᠬᠦ ᠶᠢᠨ ᠬᠠᠮᠲᠤ ᠮᠥᠷᠳᠡᠨ ᠰᠢᠢᠳᠪᠦᠷᠢᠯᠡᠵᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号