ᠴᠡᠪᠡᠷ ᠳᠤᠯᠠᠭᠠᠯᠠᠭ᠎ᠠ ᠶᠢᠨ ᠲᠥᠷᠥᠯ ᠵᠦᠢᠯ ᠪᠣᠯ ᠡᠨᠧᠷᠭᠢ ᠶᠢᠨ ᠪᠦᠲᠦᠴᠡ ᠶᠢᠨ ᠬᠡᠯᠪᠡᠷᠢ ᠶᠢ | ᠬᠤᠪᠢᠷᠠᠭᠤᠯᠬᠤ ᠶᠢ ᠠᠬᠢᠭᠤᠯᠬᠤ᠂ ᠠᠭᠠᠷ ᠮᠠᠨᠳᠠᠯ ᠤᠨ ᠶᠠᠰᠤ ᠴᠢᠨᠠᠷ ᠢ ᠰᠠᠶᠢᠵᠢᠷᠠᠭᠤᠯᠬᠤ ᠴᠢᠬᠤᠯᠠ ᠠᠷᠠᠳ ᠤᠨ | ᠠᠮᠢᠳᠤᠷᠠᠯ ᠤᠨ ᠢᠨᠵᠧᠨᠧᠷᠢᠩ ᠪᠣᠯᠤᠨ᠎ᠠ᠃ ᠴᠢᠩᠱᠠᠨ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠡᠳ᠋ ᠤᠨ | ᠵᠠᠰᠠᠭ ᠤᠨ ᠡᠭᠦᠷᠭᠡ ᠴᠢᠳᠠᠪᠤᠷᠢ ᠳᠠᠭᠠᠨ ᠰᠠᠭᠤᠷᠢᠯᠠᠨ᠂ ᠪᠠᠯᠠ ᠮᠥᠩᠭᠦ ᠶᠢᠨ ᠪᠠᠲᠤᠯᠠᠭ᠎ᠠ ᠶᠢ ᠰᠢᠨᠵᠢᠯᠡᠬᠦ ᠤᠬᠠᠭᠠᠨᠴᠢ ᠪᠠᠷ | ᠨᠢᠭᠡᠳᠦᠯᠲᠡᠶ ᠲᠥᠯᠥᠪᠯᠡᠵᠦ᠂ ᠲᠥᠷᠥ ᠶᠢᠨ ᠪᠣᠳᠣᠯᠭ᠎ᠠ ᠶᠢᠨ ᠬᠠᠮᠵᠢᠯᠴᠠᠭ᠎ᠠ ᠪᠠ ᠠᠵᠢᠯ ᠤᠨ ᠠᠮᠵᠢᠯᠲᠠ ᠪᠦᠲᠦᠮᠵᠢ ᠶᠢᠨ | ᠦᠨᠡᠯᠡᠯᠲᠡ ᠶᠢ ᠴᠢᠩᠭᠠᠷᠠᠭᠤᠯᠤᠨ᠂ ᠠᠷᠢᠭᠤᠨ ᠴᠡᠪᠡᠷ ᠳᠤᠯᠠᠭᠠᠯᠠᠭ᠎ᠠ ᠶᠢᠨ ᠥᠭᠡᠷᠡᠴᠢᠯᠡᠯᠲᠡ ᠶᠢᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠳᠤᠯᠠᠭᠠᠨ ᠪᠦᠯᠢᠶᠡᠨ ᠡᠪᠦᠯᠵᠢᠬᠦ ᠪᠠ ᠠᠮᠢ ᠠᠬᠤᠶ ᠶᠢᠨ | ᠬᠠᠮᠠᠭᠠᠯᠠᠯᠲᠠ ᠶᠢᠨ ᠬᠤᠤᠰ ᠠᠮᠵᠢᠯᠲᠠ ᠶᠢ ᠪᠠᠲᠤᠯᠠᠨ᠎ᠠ᠃ | ᠨᠢᠭᠡ ᠳᠤ ᠦᠨᠡᠯᠡᠯᠲᠡ ᠶᠢᠨ ᠬᠠᠷᠠᠯᠲᠠ ᠶᠢ ᠪᠤᠲᠠᠲᠠᠶᠢᠵᠢᠭᠤᠯᠪᠠ᠃ ᠴᠢᠩᠱᠠᠨ ᠲᠣᠭᠤᠷᠢᠭ ᠤᠨ ᠡᠳ᠋ ᠤᠨ | ᠵᠠᠰᠠᠭ ᠤᠨ ᠲᠣᠪᠴᠢᠶ᠎ᠠ ︽ᠬᠤᠣᠰ ᠨᠡᠭᠦᠷᠡᠰᠦᠲᠥ᠋ᠷᠥᠭᠴᠢ︾ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠳᠤ | ᠰᠠᠭᠤᠷᠢᠯᠠᠨ ᠰᠠᠯᠠᠭ᠎ᠠ ᠮᠥᠴᠢᠷ ᠠᠯᠤᠰᠯᠠᠨ ᠬᠠᠮᠵᠢᠯᠴᠠᠨ ᠠᠬᠢᠭᠤᠯᠬᠤ ᠲᠣᠭᠲᠠᠴᠠ ᠶᠢ ᠪᠠᠢᠭᠤᠯᠤᠨ᠎ᠠ᠃ ᠲᠥᠰᠦᠪ ᠤᠨ | ᠬᠠᠮᠢᠶᠠᠷᠤᠯᠲᠠ ᠶᠢ ᠨᠢᠭᠡ ᠴᠤᠭᠴᠠᠵᠢᠭᠤᠯᠬᠤ ᠰᠢᠰᠲ᠋ᠧᠮ ᠳᠤ ᠲᠦᠰᠢᠭᠯᠡᠨ᠂ ᠪᠠᠯᠠ ᠮᠥᠩᠭᠦ ᠰᠢᠯᠵᠢᠭᠦᠯᠦᠨ ᠥᠭᠬᠦ | ᠴᠤᠪᠤᠷᠠᠯ ᠢ ᠴᠢᠩᠭ᠎ᠠ ᠵᠢᠷᠤᠮᠵᠢᠭᠤᠯᠵᠤ᠂ ᠡᠳ᠋ ᠤᠨ ᠵᠠᠰᠠᠭ ᠤᠨ ᠪᠠᠯᠠ ᠮᠥᠩᠭᠦ ᠶᠢ ᠢᠯᠴᠢ ᠶᠢᠨ ᠢᠷᠡᠯᠲᠡ ᠶᠢ | ᠥᠭᠡᠷᠡᠴᠢᠯᠡᠬᠦ᠂ ᠬᠤᠭᠤᠯᠠᠶ ᠶᠢᠨ ᠲᠣᠤᠷ ᠢ ᠤᠷᠲᠤᠳᠬᠠᠬᠤ ᠵᠡᠷᠭᠡ ᠭᠤᠤᠯ ᠬᠦᠷᠢᠶᠡᠨ ᠳᠤ ᠨᠠᠷᠢᠯᠢᠭ ᠤᠨᠤᠪᠴᠢᠲᠠᠢ | ᠣᠷᠣᠭᠤᠯᠬᠤ ᠶᠢ ᠦᠨᠡᠨᠬᠦ ᠪᠠᠲᠤᠯᠠᠨ᠎ᠠ᠃ | ᠬᠤᠶᠠᠷ ᠲᠤ᠂ ᠦᠨᠡᠯᠡᠬᠦ ᠶᠠᠪᠤᠴᠠ ᠶᠢ ᠰᠢᠰᠲ᠋ᠧᠮᠵᠢᠭᠦᠯᠪᠡ᠃ ᠦᠨᠡᠯᠡᠬᠦ ᠶᠠᠪᠤᠴᠠ ᠳᠤ᠂ ᠴᠢᠩᠱᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠨᠢᠭᠡᠨᠲᠡ ᠲᠣᠭᠲᠠᠭᠠᠭᠰᠠᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ | ᠰᠢᠰᠲ᠋ᠧᠮ ᠢ ᠴᠢᠩᠭ᠎ᠠ ᠵᠢᠷᠤᠮᠯᠠᠨ᠂ ᠪᠡᠯᠡ ᠮᠥᠩᠭᠦ ᠶᠢᠨ ᠣᠷᠣᠭᠤᠯᠤᠯᠲᠠ᠂ ᠲᠦᠷᠦᠯ ᠵᠦᠢᠯ ᠢ ᠬᠡᠷᠡᠭᠵᠢᠭᠦᠯᠬᠦ᠂ | ᠭᠠᠷᠭᠠᠯᠲᠠ ᠶᠢᠨ ᠦᠷ᠎ᠡ ᠪᠦᠲᠦᠮᠵᠢ᠂ ᠨᠡᠶᠢᠭᠡᠮ ᠤᠨ ᠦᠷ᠎ᠡ ᠠᠰᠢᠭ ᠵᠡᠷᠭᠡ ᠤᠯᠠᠨ ᠲᠠᠯ᠎ᠠ ᠠᠴᠠ ᠠᠷᠢᠭᠤᠨ ᠴᠡᠪᠡᠷ | ᠳᠤᠯᠠᠭᠠᠯᠠᠭ᠎ᠠ ᠶᠢᠨ ᠠᠵᠢᠯ ᠳᠤ ᠪᠦᠬᠦ ᠲᠠᠯ᠎ᠠ ᠶᠢᠨ᠂ ᠪᠤᠰᠤᠳᠴᠢ ᠪᠠᠷ ᠦᠨᠡᠯᠡᠯᠲᠡ ᠬᠢᠪᠡ᠃ ᠪᠠᠯᠠ ᠮᠥᠩᠭᠦ ᠶᠢᠨ | ᠬᠡᠷᠡᠭᠯᠡᠯᠲᠡ ᠶᠢᠨ ᠵᠢᠷᠤᠮᠵᠢᠯᠳᠤ ᠴᠢᠨᠠᠷ᠂ ᠵᠦᠶ ᠶᠣᠰᠣᠴᠢ ᠴᠢᠨᠠᠷ ᠢ ᠭᠤᠤᠯᠳᠠᠯᠭ᠎ᠠ ᠲᠠᠢ ᠠᠩᠬᠠᠷᠴᠤ᠂ ᠡᠳ᠋ ᠤᠨ | ᠵᠠᠰᠠᠭ ᠤᠨ ᠪᠠᠯᠠ ᠮᠥᠩᠭᠦ ᠶᠢᠨ ᠬᠠᠮᠤᠭ ᠤᠨ ᠶᠡᠭᠡ ᠦᠷ᠎ᠡ ᠠᠰᠢᠭ ᠢ ᠪᠠᠳᠠᠷᠠᠭᠤᠯᠬᠤ ᠶᠢ ᠦᠨᠡᠨ ᠬᠦ ᠪᠠᠲᠤᠯᠠᠨ᠎ᠠ︔ | ᠲᠥᠷᠥᠯ ᠵᠦᠢᠯ ᠤᠨ ᠬᠡᠷᠡᠭᠵᠢᠭᠦᠯᠦᠯᠲᠡ ᠨᠢ ᠵᠢᠱᠢᠭᠰᠡᠨ ᠬᠠᠷᠠᠯᠲᠠ ᠳᠠᠭᠠᠨ ᠬᠦᠷᠦᠭᠰᠡᠨ ᠡᠰᠡᠬᠦ᠂ ᠰᠠᠭᠤᠭᠠᠯᠢ ᠠᠷᠠᠳ ᠤᠨ | ᠳᠤᠯᠠᠭᠠᠯᠠᠭ᠎ᠠ ᠶᠢᠨ ᠨᠥᠬᠦᠴᠡᠯ ᠪᠠ ᠣᠷᠴᠢᠨ ᠲᠣᠭᠤᠷᠢᠨ ᠤ ᠶᠠᠰᠤ ᠴᠢᠨᠠᠷ ᠢ ᠪᠦᠲᠦᠮᠵᠢᠲᠡᠶ ᠰᠠᠶᠢᠵᠢᠷᠠᠭᠤᠯᠤᠭᠰᠠᠨ | ᠡᠰᠡᠬᠦ ᠶᠢ ᠦᠨᠡᠯᠡᠨ ᠵᠢᠱᠢᠨ᠎ᠡ᠃ | ᠭᠤᠷᠪᠠ ᠳᠤ᠂ ᠦᠨᠡᠯᠡᠯᠲᠡ ᠶᠢᠨ ᠦᠷ᠎ᠡ ᠳ᠋ᠦᠩ ᠤᠨ ᠪᠣᠳᠠᠲᠤ ᠦᠷ᠎ᠡ ᠪᠦᠲᠦᠮᠵᠢ᠃ ᠠᠮᠵᠢᠯᠲᠠ ᠪᠦᠲᠦᠮᠵᠢ ᠶᠢ | ᠦᠨᠡᠯᠡᠭᠰᠡᠨ ᠦᠷ᠎ᠡ ᠳ᠋ᠦᠩ ᠢ ᠦᠨᠳᠦᠰᠦᠯᠡᠨ᠂ ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠢᠯᠡᠷᠡᠭᠦᠯᠦᠭᠰᠡᠨ | ᠠᠰᠠᠭᠤᠳᠠᠯ ᠳᠤ ᠴᠢᠭᠯᠡᠭᠦᠯᠦᠨ ᠦᠨᠡᠨ ᠬᠦ ᠬᠡᠷᠡᠭᠵᠢᠭᠦᠯᠵᠦ ᠪᠣᠯᠬᠤᠶᠢᠴᠠ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ | ᠳᠤᠷᠠᠳᠤᠨ᠎ᠠ᠃ ᠪᠡᠯᠡ ᠮᠥᠩᠭᠦ ᠶᠢᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ | ᠲᠠᠯ᠎ᠠ ᠶᠢ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠶᠠᠪᠤᠴᠠ ᠶᠢ | ᠲᠡᠭᠦᠯᠳᠡᠷᠵᠢᠭᠦᠯᠦᠨ᠎ᠡ︔ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠬᠦᠴᠢᠷᠳᠡᠯ ᠢ ᠬᠠᠮᠢᠶ᠎ᠠ | ᠪᠦᠬᠦᠢ ᠰᠠᠯᠠᠭ᠎ᠠ ᠮᠥᠴᠢᠷ ᠢ ᠢᠳᠡᠪᠬᠢᠲᠡᠢ ᠵᠣᠬᠢᠴᠠᠭᠤᠯᠵᠤ᠂ ᠰᠢᠢᠳᠪᠦᠷᠢᠯᠡᠬᠦ ᠲᠥᠰᠦᠯ ᠢ ᠬᠠᠮᠲᠤᠪᠠᠷ ᠰᠤᠳᠤᠯᠤᠨ᠎ᠠ᠃ | | | | | | | | |