2025 ᠣᠨ ᠳᠤ᠂ ᠪᠸᠢ ᠪᠧᠨ ᠺᠣᠮᠫᠠᠨᠢ ᠲᠤᠰᠬᠠᠶᠢᠵᠢᠭᠰᠠᠨ ᠡᠵᠡᠩᠨᠡᠯᠲᠡ ᠪᠣᠷᠣᠯᠠᠭᠤᠯᠤᠯᠲᠠ ᠶᠢᠨ | ᠬᠡᠯᠪᠡᠷᠢ ᠪᠠᠨ ᠬᠤᠪᠢᠷᠠᠭᠤᠯᠬᠤ ᠶᠢ ᠪᠥᠬᠦ ᠲᠠᠯ᠎ᠠ ᠪᠠᠷ ᠠᠬᠢᠭᠤᠯᠵᠤ᠂ ᠨᠡᠭᠦᠷᠡᠰᠦ ᠲᠡᠭᠡᠭᠡᠪᠦᠷᠢᠯᠡᠬᠦ᠂ ᠪᠣᠯᠣᠳ ᠲᠡᠮᠦᠷ | ᠲᠡᠮᠦᠷᠯᠢᠭ ᠪᠣᠯᠪᠠᠰᠤᠷᠠᠭᠤᠯᠬᠤ᠂ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ᠂ ᠪᠠᠴᠢᠮ ᠪᠠᠶᠢᠳᠠᠯ ᠢ ᠠᠷᠭᠠᠴᠠᠬᠤ | ᠬᠤᠲᠠ ᠶᠢᠨ ᠶᠠᠪᠤᠳᠠᠯ᠂ ᠦᠨᠳᠦᠰᠦᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ᠂ ᠭᠠᠳᠠᠭᠠᠳᠤ ᠠᠷᠠᠯᠵᠢᠶᠠᠨ ᠤ | ᠭᠠᠳᠠᠭᠠᠳᠤ ᠭᠠᠷᠭᠠᠯᠲᠠ᠂ ᠠᠷᠭ᠎ᠠ ᠵᠠᠮ ᠤᠨ ᠳᠠᠯᠳᠠ ᠵᠣᠴᠢᠨ ᠵᠡᠷᠭᠡ 7 ᠭᠤᠣᠯᠳᠠᠯᠭ᠎ᠠ ᠲᠠᠢ ᠵᠠᠬ᠎ᠠ ᠳᠡᠯᠭᠡᠭᠦᠷ ᠲᠤ | ᠠᠩᠬᠠᠷᠤᠯ ᠢᠶᠠᠨ ᠲᠥᠪᠯᠡᠷᠡᠭᠦᠯᠵᠦ᠂ ᠲᠤᠰᠬᠠᠶᠢᠵᠢᠭᠰᠠᠨ ᠡᠵᠡᠩᠨᠡᠯᠲᠡ ᠪᠣᠷᠣᠯᠠᠭᠤᠯᠤᠯᠲᠠ ᠶᠢᠨ 7 ᠠᠵᠢᠯ ᠦᠢᠯᠡᠰ ᠤᠨ | ᠬᠡᠯᠲᠡᠰ ᠢ ᠵᠣᠬᠢᠶᠠᠨ ᠪᠠᠶᠢᠭᠤᠯᠵᠤ᠂ ᠨᠠᠷᠢᠯᠢᠭ ᠲᠠᠷᠢᠶᠠᠯᠠᠬᠤ ᠶᠢ ᠬᠡᠷᠡᠭᠵᠢᠭᠦᠯᠦᠨ᠂ ᠣᠨ ᠤ ᠦᠢᠯᠡᠳᠪᠦᠷᠢᠯᠡᠯ | ᠪᠣᠷᠣᠯᠠᠭᠤᠯᠭ᠎ᠠ ᠶᠢᠨ 11000 ᠰᠠᠭᠤᠷᠢ ᠦᠢᠯᠡᠳᠪᠦᠷᠢᠯᠡᠯ ᠡᠵᠡᠩᠨᠡᠯᠲᠡ ᠶᠢᠨ ᠭᠦᠢᠴᠡᠳᠬᠡᠯ ᠲᠤᠭ᠎ᠠ ᠶᠢ ᠲᠣᠭᠲᠠᠭᠠᠵᠤ᠂ | ᠬᠥᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠨ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ | ᠪᠠᠶᠢᠷᠢᠰᠢᠭᠤᠯᠬᠤ ᠶᠢ ᠳᠠᠶᠢᠴᠢᠯᠠᠨ᠂ ᠣᠲᠣ ᠪᠣᠯᠲᠠᠯ᠎ᠠ᠂ ᠨᠢᠭᠡᠨᠲᠡ 2660 ᠰᠠᠭᠤᠷᠢ ᠵᠢᠩᠬᠢᠨᠢ ᠭᠡᠷ᠎ᠡ ᠲᠣᠭᠲᠠᠵᠤ᠂ | 1064 ᠰᠠᠭᠤᠷᠢ ᠦᠵᠦᠭᠦᠷᠯᠢᠭ ᠲᠤᠰᠢᠶᠠᠨ ᠥᠭᠴᠦ᠂ ᠪᠥᠬᠦ ᠵᠢᠯ ᠤᠨ ᠡᠭᠦᠷᠭᠡ ᠶᠢᠨ ᠪᠣᠳᠠᠲᠠᠶ ᠨᠣᠷᠮ᠎ᠠ 9.7% ᠳᠤ | ᠬᠥᠷᠪᠡ᠃ 1 ᠳ᠋ᠦ᠋ᠭᠡᠷ ᠰᠠᠷ᠎ᠠ ᠳᠤ 2.2 ᠳ᠋ᠦᠩᠰᠢᠭᠤᠷ ᠲᠥᠭᠦᠷᠢᠭ ᠤᠨ ᠡᠵᠡᠩᠨᠡᠯᠲᠡ ᠶᠢᠨ ᠣᠷᠣᠯᠭ᠎ᠠ ᠶᠢ ᠪᠡᠶᠡᠯᠡᠭᠦᠯᠵᠦ᠂ | ᠠᠳᠠᠯᠢ ᠬᠤᠭᠤᠴᠠᠭᠠᠨ ᠤ ᠬᠢ ᠠᠴᠠ 24.4 % ᠪᠠᠷ ᠨᠡᠮᠡᠭᠳᠡᠪᠡ᠃ |