ᠰᠤᠷᠭᠠᠭᠤᠯᠢ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠷᠭᠠᠭᠤᠯᠢ ᠡᠷᠭᠢᠯᠡᠬᠦ | ᠠᠵᠢᠯᠯᠠᠭ᠎ᠠ ᠶᠢ ᠵᠢᠷᠤᠮᠵᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠢᠨ᠎ᠡ | ᠰᠤᠷᠤᠯᠭ᠎ᠠ ᠶᠢᠨ ᠬᠤᠭᠤᠴᠠᠭᠠᠨ ᠤ ᠡᠯ᠎ᠡ ᠵᠦᠢᠯ ᠤᠨ ᠠᠵᠢᠯ ᠤᠨ ᠲᠣᠭᠲᠠᠭᠤᠨ᠂ ᠡᠮᠬᠢ ᠵᠢᠷᠤᠮ ᠲᠠᠢ᠂ ᠥᠨᠳᠥᠷ | ᠪᠦᠲᠦᠮᠵᠢᠲᠡᠶ ᠥᠷᠨᠢᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ 2 ᠰᠠᠷ᠎ᠠ ᠶᠢᠨ 24 ᠤ ᠡᠳᠦᠷ᠂ ᠬᠤᠲᠠ᠂ ᠲᠣᠭᠤᠷᠢᠭ | ᠬᠤᠶᠠᠷ ᠱᠠᠲᠤᠨ ᠤ ᠰᠤᠷᠭᠠᠨ ᠬᠥᠮᠦᠵᠢᠯ ᠤᠨ ᠲᠣᠪᠴᠢᠶ᠎ᠠ ᠴᠢᠩᠱᠠᠨ ᠲᠣᠭᠤᠷᠢᠭ ᠤᠨ ᠳᠤᠮᠳᠠᠳᠤ ᠪᠠᠭ᠎ᠠ ᠰᠤᠷᠭᠠᠭᠤᠯᠢ᠂ | ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠠᠵᠢᠯ ᠳᠤ ᠪᠥᠬᠦ ᠲᠠᠯ᠎ᠠ ᠶᠢᠨ ᠪᠠᠶᠢᠴᠠᠭᠠᠯᠲᠠ ᠬᠢᠪᠠ᠃ ᠪᠤᠭᠤᠲᠤ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠭᠤᠤ | ᠵᠢᠦ ᠠᠨ ᠨᠠᠷ ᠪᠤᠭᠤᠲᠤ ᠬᠤᠲᠠ ᠶᠢᠨ ᠬᠤᠷᠢᠨ ᠨᠢᠭᠡᠳᠦᠭᠡᠷ ᠳᠤᠮᠳᠠᠳᠤ ᠰᠤᠷᠭᠠᠭᠤᠯᠢ᠂ ᠴᠢᠩᠱᠠᠨ ᠲᠣᠭᠤᠷᠢᠭ ᠤᠨ | ᠴᠤᠤᠶᠠᠩ ᠵᠠᠮ ᠤᠨ ᠪᠠᠭ᠎ᠠ ᠰᠤᠷᠭᠠᠭᠤᠯᠢ ᠪᠣᠯᠤᠨ ᠪᠦᠦ ᠯᠢ ᠬᠡᠤᠬᠡᠳ ᠤᠨ ᠴᠡᠴᠡᠷᠯᠢᠭ ᠲᠤ ᠭᠦᠨᠵᠡᠭᠡᠶᠢᠷᠡᠨ ᠰᠤᠷᠭᠠᠭᠤᠯᠢ | ᠡᠬᠢᠯᠡᠬᠦ ᠪᠠᠶᠢᠴᠠᠭᠠᠯᠲᠠ ᠬᠢᠪᠠ᠃ ᠪᠠᠶᠢᠴᠠᠭᠠᠬᠤ ᠳᠤᠭᠤᠶᠢᠯᠠᠩ ᠤᠨ ᠬᠢᠨ ᠰᠤᠷᠭᠠᠭᠤᠯᠢ ᠶᠢᠨ ᠬᠦᠷᠢᠶᠡᠨ ᠤ ᠵᠢᠭᠠᠨ | ᠰᠤᠷᠭᠠᠯᠲᠠ ᠶᠢᠨ ᠠᠰᠠᠷ᠂ ᠪᠠᠶᠢᠷᠢ ᠶᠢᠨ ᠭᠡᠷ᠂ ᠬᠤᠭᠤᠯᠠᠨ ᠭᠡᠷ᠂ ᠲᠠᠮᠢᠷ ᠤᠨ ᠲᠠᠯᠠᠪᠠᠢ ᠵᠡᠷᠭᠡ ᠵᠠᠩᠭᠢᠯᠠᠭ᠎ᠠ ᠶᠢᠨ ᠣᠷᠣᠨ | ᠪᠦᠰᠡ ᠳᠤ ᠭᠤᠣᠯᠳᠠᠯᠭ᠎ᠠ ᠲᠠᠢ ᠨᠠᠷᠢᠨ ᠨᠢᠭᠲᠠ ᠱᠠᠯᠠᠪᠳᠠᠭᠤᠯᠤᠨ ᠪᠠᠶᠢᠴᠠᠭᠠᠯᠲᠠ ᠬᠢᠵᠦ᠂ ᠰᠤᠷᠭᠠᠭᠤᠯᠢ ᠶᠢᠨ | ᠰᠤᠷᠤᠯᠭ᠎ᠠ ᠡᠬᠢᠯᠡᠬᠦ ᠪᠡᠯᠡᠳᠬᠡᠯ᠂ ᠬᠢᠴᠢᠶᠡᠯ ᠤᠨ ᠲᠤᠬᠢᠷᠠᠭᠤᠯᠤᠯᠳᠠ ᠪᠣᠯᠤᠨ ᠵᠢᠭᠠᠨ ᠰᠤᠷᠭᠠᠯᠲᠠ ᠶᠢᠨ ᠡᠮᠬᠢ ᠳᠢᠭᠯᠢᠮ | ᠵᠡᠷᠭᠡ ᠲᠠᠯ᠎ᠠ ᠶᠢᠨ ᠪᠠᠶᠢᠳᠠᠯ ᠢ ᠨᠠᠷᠢᠨ ᠣᠶᠢᠯᠠᠭᠠᠪᠠ᠃ | ᠴᠢᠩᠱᠠᠨ ᠲᠤᠭᠤᠷᠢᠭ ᠤᠨ ᠰᠤᠷᠭᠠᠨ ᠬᠦᠮᠦᠵᠢᠯ ᠤᠨ ᠲᠤᠪᠴᠢᠶ᠎ᠠ ᠶᠢ ᠲᠤᠪᠴᠢᠶ᠎ᠠ ᠶᠢᠨ | ᠤᠳᠤᠷᠢᠳᠤᠯᠭ᠎ᠠ ᠪᠠᠶᠢᠴᠠᠭᠠᠬᠤ ᠳᠤᠭᠤᠶᠢᠯᠠᠩ ᠲᠠᠭᠠᠭᠤᠯᠵᠦ᠂ ᠨᠠᠢᠮᠠᠨ ᠲᠤᠭᠤᠶᠢᠯᠠᠩ ᠬᠤᠪᠢᠶᠠᠨ ᠠᠩᠬ᠎ᠠ ᠳᠤᠮᠳᠠᠳᠤ᠂ | ᠪᠠᠭ᠎ᠠ ᠰᠤᠷᠭᠠᠭᠤᠯᠢ᠂ ᠬᠡᠤᠭᠡᠳ ᠤᠨ ᠴᠡᠴᠡᠷᠯᠢᠭ᠂ ᠤᠨᠴᠠᠭᠠᠢ ᠰᠤᠷᠭᠠᠨ ᠬᠦᠮᠦᠵᠢᠯ ᠵᠡᠷᠭᠡ ᠰᠤᠷᠭᠠᠭᠤᠯᠢ ᠡᠷᠬᠢᠯᠡᠬᠦ 43 | ᠨᠢᠭᠡᠴᠢ ᠶᠢᠨ ︵ᠠᠷᠠᠳ ᠠᠴᠠ ᠡᠷᠬᠢᠯᠡᠭᠰᠡᠨ ᠰᠤᠷᠭᠠᠭᠤᠯᠢ ᠶᠢ ᠪᠠᠭᠳᠠᠭᠠᠨ᠎ᠠ︶ ᠰᠤᠷᠭᠠᠭᠤᠯᠢ ᠡᠬᠢᠯᠡᠬᠦ ᠠᠵᠢᠯ ᠳᠤ ᠪᠦᠬᠦ | ᠲᠠᠯ᠎ᠠ ᠶᠢᠨ ᠪᠠᠶᠢᠴᠠᠭᠠᠯᠲᠠ ᠬᠢᠪᠡ᠃ ᠪᠠᠶᠢᠴᠠᠭᠠᠬᠤ ᠳᠤᠭᠤᠶᠢᠯᠠᠩ ᠬᠠᠷᠢᠭᠤ ᠮᠡᠳᠡᠭᠦᠯᠦᠯᠲᠡ ᠶᠢ ᠰᠣᠨᠣᠰᠬᠤ᠂ ᠡᠬᠡ | ᠲᠠᠩᠰᠠ ᠶᠢ ᠪᠠᠶᠢᠴᠠᠭᠠᠨ ᠦᠵᠡᠬᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠬᠢᠴᠢᠶᠡᠯ ᠤᠨ ᠪᠠᠶᠢᠷᠢᠯᠠᠭᠤᠯᠤᠯᠲᠠ᠂ ᠪᠠᠭᠰᠢ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠬᠤ᠂ ᠠᠮᠤᠷ | ᠲᠦᠪᠰᠢᠨ ᠤ ᠬᠠᠮᠢᠶᠠᠷᠤᠯᠲᠠ ᠪᠠ ᠰᠤᠷᠭᠠᠭᠤᠯᠢ ᠡᠬᠢᠯᠡᠬᠦ ᠵᠤᠷᠰᠢᠯ ᠵᠡᠷᠭᠡ ᠲᠠᠯ᠎ᠠ ᠶᠢᠨ ᠠᠵᠢᠯ ᠳᠤ ᠠᠩᠬᠠᠷᠤᠯ ᠢᠶᠠᠨ | ᠲᠥᠪᠯᠡᠷᠡᠭᠦᠯᠵᠦ᠂ ᠵᠦᠢᠯ ᠳᠠᠷᠠᠭᠠᠯᠠᠨ ᠪᠠᠷᠢᠮᠵᠢᠶᠠᠯᠠᠨ ᠪᠠᠶᠢᠴᠠᠭᠠᠵᠤ᠂ ᠰᠤᠷᠭᠠᠭᠤᠯᠢ ᠶᠢᠨ ᠰᠤᠷᠭᠠᠭᠤᠯᠢ ᠡᠬᠢᠯᠡᠭᠰᠡᠨ | ᠪᠠᠶᠢᠳᠠᠯ ᠢ ᠪᠥᠬᠦ ᠲᠠᠯ᠎ᠠ ᠪᠠᠷ ᠣᠶᠢᠯᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ᠡᠯ᠎ᠡ ᠰᠤᠷᠭᠠᠭᠤᠯᠢ ᠡᠷᠭᠢᠯᠡᠬᠦ | ᠨᠢᠭᠡᠴᠢ ᠶᠢᠨ ᠰᠤᠷᠭᠠᠭᠤᠯᠢ ᠡᠬᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠨᠤᠲᠠᠯᠠᠵᠤ ᠭᠦᠢᠴᠡᠳ ᠨᠤᠲᠠᠯᠠᠵᠤ᠂ ᠰᠤᠷᠭᠠᠭᠤᠯᠢ | ᠡᠬᠢᠯᠡᠬᠦ ᠠᠵᠢᠯ ᠴᠥᠮ ᠡᠮᠬᠢ ᠵᠢᠷᠤᠮ ᠲᠠᠢ᠂ ᠯᠠᠪᠳᠠᠭᠤᠨ ᠪᠥᠭᠡᠳ ᠥᠨᠳᠥᠷ ᠪᠦᠲᠦᠮᠵᠢᠲᠡᠶ᠂ ᠯᠠᠪᠳᠠᠭᠤᠨ ᠢᠶᠠᠷ | ᠠᠬᠢᠭᠤᠯᠵᠤ᠂ ᠰᠠᠶᠢᠨ ᠰᠠᠶᠢᠬᠠᠨ ᠡᠬᠢᠯᠡᠯᠲᠡ ᠶᠢᠨ ᠪᠠᠶᠢᠳᠠᠯ ᠢ ᠢᠯᠡᠷᠡᠭᠦᠯᠪᠡ᠃ ᠪᠠᠶᠢᠴᠠᠭᠠᠬᠤ ᠳᠤᠭᠤᠶᠢᠯᠠᠩ ᠠᠴᠠ᠂ ᠡᠯ᠎ᠡ | ᠰᠤᠷᠭᠠᠭᠤᠯᠢ ᠡᠷᠭᠢᠯᠡᠬᠦ ᠨᠢᠭᠡᠴᠢ ᠶᠢᠨ ᠬᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠦᠨᠡᠨ ᠬᠦ | ᠲᠣᠪᠤᠶᠢᠮ᠎ᠠ ᠪᠠᠶᠢᠷᠢᠨ ᠳᠤ ᠲᠠᠯᠪᠢᠵᠤ᠂ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ | ᠰᠤᠷᠤᠭᠴᠢᠳ ᠤᠨ ᠰᠡᠳᠬᠢᠴᠡ ᠶᠢᠨ ᠵᠢᠯᠣᠭᠤᠳᠣᠯᠭ᠎ᠠ᠂ ᠰᠤᠷᠭᠠᠭᠤᠯᠢ ᠡᠷᠭᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠥᠷᠭᠡᠨ ᠣᠯᠠᠨ ᠪᠠᠭᠰᠢ ᠰᠤᠷᠤᠭᠴᠢᠳ ᠲᠤ ᠠᠮᠤᠷ ᠲᠦᠪᠰᠢᠨ | ᠲᠣᠭᠲᠠᠭᠤᠨ᠂ ᠡᠶ᠎ᠡ ᠵᠣᠬᠢᠴᠠᠩᠭᠤᠶ ᠡᠮᠬᠢ ᠵᠢᠷᠤᠮ ᠲᠠᠢ ᠰᠤᠷᠤᠯᠴᠠᠬᠤ ᠪᠠ ᠠᠵᠢᠯ ᠤᠨ ᠣᠷᠴᠢᠨ ᠲᠣᠭᠤᠷᠢᠨ ᠢ ᠪᠣᠶ | ᠪᠣᠯᠭᠠᠵᠤ᠂ ᠴᠢᠨᠠᠷ ᠰᠠᠶᠢᠲᠠᠶ ᠠᠮᠤᠷ ᠲᠦᠪᠰᠢᠨ ᠢᠶᠠᠷ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ | ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃ | ᠴᠢᠩᠱᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠲᠤᠰ ᠤᠳᠠᠭ᠎ᠠ ᠶᠢᠨ ᠰᠤᠷᠭᠠᠭᠤᠯᠢ ᠡᠬᠢᠯᠡᠬᠦ | ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠡᠷᠦᠩᠬᠡᠢ ᠱᠠᠭᠠᠷᠳᠠᠯᠭ᠎ᠠ ᠶᠢ ᠴᠢᠩᠭ᠎ᠠ | ᠠᠩᠬᠠᠷᠴᠤ᠂ ᠭᠡᠷ ᠤᠨ ᠡᠭᠦᠳᠡᠨ ᠳᠠᠬᠢ ᠰᠤᠷᠭᠠᠭᠤᠯᠢ ᠨᠢᠭᠡᠪᠦᠷᠢ ᠶᠢ ᠪᠦᠬᠦ ᠬᠦᠴᠦᠨ ᠢᠶᠠᠷ ᠢᠶᠠᠨ ᠰᠠᠶᠢᠲᠤᠷ ᠡᠷᠬᠢᠯᠡᠵᠦ᠂ | ᠪᠦᠬᠦ ᠲᠤᠭᠤᠷᠢᠭ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠳᠡᠭᠡᠭᠰᠢᠯᠡᠯᠲᠡ ᠶᠢ | ᠠᠬᠢᠭᠤᠯᠵᠤ᠂ ︽ᠰᠢᠯᠢᠳᠡᠭ ᠰᠤᠷᠤᠬᠤᠢ ᠴᠢᠩᠱᠠᠨ ᠳᠤ ᠪᠠᠶᠢᠬᠤ︾ ᠰᠤᠷᠭᠠᠨ ᠬᠥᠮᠦᠵᠢᠯ ᠤᠨ ᠲᠦᠷᠦᠯ ᠲᠡᠮᠳᠡᠭ ᠢ | ᠦᠷᠭᠦᠯᠵᠢᠯᠡᠨ ᠭᠡᠷᠡᠯᠳᠦᠭᠦᠯᠦᠨ᠎ᠡ᠃ | | | | | | |