ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠥᠳᠡᠯᠮᠦᠷᠢ ᠶᠢᠨ ᠵᠢᠭᠤᠷᠠᠯᠳᠤᠭᠠᠨ ᠤ ᠭᠤᠤᠯᠳᠠᠯᠭ᠎ᠠ ᠲᠠᠢ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/27
      ᠬᠥᠳᠡᠯᠮᠦᠷᠢ ᠶᠢᠨ ᠵᠢᠭᠤᠷᠠᠯᠳᠤᠭᠠᠨ ᠤ ᠬᠡᠷᠡᠭ ᠢ ᠤᠯᠠᠮ ᠨᠢᠭᠡ ᠠᠯᠬᠤᠮ ᠥᠨᠳᠥᠷ ᠪᠦᠲᠦᠮᠵᠢᠲᠡᠶ ᠪᠠᠷ ᠰᠢᠢᠳᠪᠦᠷᠢᠯᠡᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠲᠥᠯᠥᠭᠡ᠂ 2 ᠰᠠᠷ᠎ᠠ ᠶᠢᠨ 26᠎ ᠤ ᠡᠳᠦᠷ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠭᠤᠤᠯᠳᠠᠯᠭ᠎ᠠ ᠲᠠᠢ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠪᠠ᠃ ᠬᠤᠷᠠᠯ ᠠᠴᠠ ᠣᠳᠣᠬᠠᠨ ᠤ ᠪᠤᠳᠤᠯᠢᠶᠠᠨᠲᠠᠶ ᠬᠡᠷᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠤᠨ ᠦᠨᠳᠦᠰᠦ ᠰᠤᠷᠪᠤᠯᠵᠢ ᠶᠢ ᠭᠦᠨᠵᠡᠭᠡᠶ ᠵᠠᠳᠠᠯᠵᠤ᠂ ᠲᠠᠷᠠᠭᠠᠴᠢ ᠶᠢᠨ ᠠᠵᠢᠯ ᠢ ᠪᠥᠬᠦ ᠲᠠᠯ᠎ᠠ ᠪᠠᠷ ᠪᠠᠶᠢᠷᠢᠯᠠᠭᠤᠯᠵᠤ᠂ ᠬᠦᠴᠦᠲᠡᠶ ᠠᠷᠭ᠎ᠠ ᠬᠡᠮᠵᠢᠶ᠎ᠡ ᠪᠠᠷ ᠬᠡᠷᠡᠭ ᠢ ᠲᠣᠬᠢᠲᠠᠶ ᠰᠢᠢᠳᠪᠦᠷᠢᠯᠡᠬᠦ ᠶᠢ ᠠᠬᠢᠭᠤᠯᠬᠤ ᠪᠠᠷ ᠴᠢᠷᠮᠠᠶᠢᠪᠠ᠃      ᠬᠤᠷᠠᠯ ᠳᠡᠭᠡᠷ᠎ᠡ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠲᠥᠪ ᠤᠨ ᠡᠯ᠎ᠡ ᠳᠤᠮᠳᠠ ᠠᠩᠭᠢ ᠶᠢᠨ ᠬᠠᠷᠢᠭᠤᠴᠠᠯᠭᠠᠲᠠᠨ ᠭᠤᠤᠯᠳᠠᠯᠭ᠎ᠠ ᠲᠠᠢ ᠬᠡᠷᠡᠭ ᠤᠨ ᠠᠬᠢᠴᠠ ᠳᠤ ᠨᠠᠷᠢᠨ ᠲᠣᠳᠣᠷᠬᠠᠶ ᠬᠠᠷᠢᠭᠤ ᠮᠡᠳᠡᠭᠦᠯᠦᠯᠲᠡ ᠬᠢᠵᠦ᠂ ᠬᠡᠷᠡᠭ ᠢ ᠭᠥᠯᠢᠶᠡᠨ ᠠᠪᠴᠤ ᠰᠢᠢᠳᠪᠦᠷᠢᠯᠡᠭᠰᠡᠨ ᠤᠴᠢᠷ ᠰᠢᠯᠲᠠᠭᠠᠨ᠂ ᠡᠮᠦᠨᠡᠬᠢ ᠬᠤᠭᠤᠴᠠᠭᠠᠨ ᠤ ᠪᠠᠶᠢᠴᠠᠭᠠᠨ ᠭᠡᠷᠡᠴᠢ ᠠᠪᠤᠭᠰᠠᠨ ᠨᠠᠷᠢᠨ ᠪᠠᠶᠢᠳᠠᠯ᠂ ᠬᠥᠳᠡᠯᠮᠦᠷᠢᠴᠢᠳ ᠤᠨ ᠲᠤᠭ᠎ᠠ ᠬᠢᠭᠡᠳ ᠬᠦᠰᠡᠯ ᠱᠠᠭᠠᠷᠳᠠᠯᠭ᠎ᠠ ᠵᠢᠴᠢ ᠬᠥᠮᠦᠨ ᠬᠡᠷᠡᠭᠯᠡᠬᠦ ᠨᠢᠭᠡᠴᠢ ᠳᠤ ᠬᠤᠯᠪᠣᠭᠳᠠᠭᠰᠠᠨ ᠠᠷᠭᠠᠴᠠᠬᠤ ᠣᠪᠣᠷ ᠵᠡᠷᠭᠡ ᠠᠭᠤᠯᠭ᠎ᠠ ᠶᠢ ᠬᠠᠮᠤᠷᠴᠠᠶ᠃ ᠬᠡᠰᠡᠭ ᠬᠡᠷᠡᠭ ᠨᠢ ᠪᠤᠳᠤᠯᠢᠶᠠᠨᠲᠠᠶ ᠣᠨᠴᠠᠯᠢᠭ ᠢᠯᠡᠷᠡᠵᠦ᠂ ᠵᠢᠱᠢᠶᠡᠯᠡᠪᠡᠯ᠂ ᠪᠠᠷᠢᠯᠭ᠎ᠠ ᠶᠢᠨ ᠠᠵᠢᠯ ᠲᠥᠷᠥᠯ ᠤᠨ ᠴᠠᠯᠢᠩ ᠥᠷᠢᠲᠦᠭᠰᠡᠨ ᠬᠡᠷᠡᠭ ᠬᠡᠷᠪᠡ ᠪᠠᠷᠢᠯᠭ᠎ᠠ ᠶᠢᠨ ᠲᠥᠷᠥᠯ ᠵᠦᠢᠯ ᠤᠨ ᠰᠢᠯᠵᠢᠭᠦᠯᠦᠨ ᠳᠠᠭᠠᠭᠠᠴᠢᠯᠠᠭᠤᠯᠵᠤ ᠬᠤᠪᠢᠶᠠᠨ ᠳᠠᠭᠠᠭᠠᠴᠢᠯᠠᠭᠤᠯᠬᠤ ᠶᠢᠨ ᠬᠠᠷᠢᠴᠠᠭ᠎ᠠ ᠠᠴᠠ ᠪᠣᠯᠵᠣ᠂ ᠴᠠᠯᠢᠩ ᠥᠭᠬᠦ ᠬᠠᠷᠢᠭᠤᠴᠠᠯᠭ᠎ᠠ ᠶᠢ ᠮᠠᠭᠠᠳᠯᠠᠨ ᠲᠣᠭᠲᠠᠭᠠᠬᠤ ᠪᠠ ᠭᠡᠷᠡᠴᠢ ᠪᠠᠷᠢᠮᠲᠠ ᠴᠤᠭᠯᠠᠭᠤᠯᠬᠤ ᠳᠤ ᠲᠦᠢᠯ ᠤᠨ ᠬᠦᠴᠢᠷ ᠪᠣᠯᠵᠣ᠂ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠤ ᠬᠦᠴᠢᠷᠳᠡᠯ ᠢ ᠨᠡᠮᠡᠭᠳᠡᠭᠦᠯᠪᠡ᠃      ᠬᠤᠷᠠᠯ ᠠᠴᠠ᠂ ᠨᠢᠭᠡ ᠳᠤ ᠬᠡᠷᠡᠭ ᠰᠢᠢᠳᠪᠦᠷᠢᠯᠡᠬᠦ ᠬᠦᠴᠦᠨ ᠢ ᠴᠢᠩᠭᠠᠳᠬᠠᠬᠤ ᠬᠡᠷᠡᠭᠲᠡᠢ᠃ ᠳᠠᠪᠠᠭᠤᠯᠢᠭ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠤᠰᠬᠠᠶ ᠠᠵᠢᠯ ᠤᠨ ᠭᠤᠤᠯᠯᠠᠭᠴᠢ ᠬᠦᠴᠦᠨ ᠢ ᠲᠥᠪᠯᠡᠷᠡᠭᠦᠯᠦᠨ᠂ ᠬᠡᠷᠡᠭ ᠢ ᠰᠢᠢᠳᠪᠦᠷᠢᠯᠡᠬᠦ ᠶᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠬᠤ ᠶᠢ ᠦᠨᠡᠨᠬᠦ ᠪᠠᠲᠤᠯᠠᠵᠤ᠂ ᠬᠡᠷᠡᠭ ᠢ ᠰᠢᠢᠳᠪᠦᠷᠢᠯᠡᠬᠦ ᠠᠬᠢᠴᠠ ᠶᠢ ᠲᠦᠷᠭᠡᠳᠬᠡᠨ᠂ ᠬᠡᠷᠡᠭ ᠢ ᠰᠢᠢᠳᠪᠦᠷᠢᠯᠡᠬᠦ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠬᠤ ᠬᠡᠷᠡᠭᠲᠡᠶ᠃ ᠬᠤᠶᠠᠷ ᠲᠤ᠂ ᠤᠯᠤᠯᠴᠠᠭ᠎ᠠ ᠵᠣᠬᠢᠴᠠᠭᠤᠯᠭ᠎ᠠ ᠪᠠᠨ ᠴᠢᠩᠭᠠᠳᠬᠠᠬᠤ ᠬᠡᠷᠡᠭᠲᠡᠢ᠃ ᠬᠥᠮᠦᠨ ᠬᠡᠷᠡᠭᠯᠡᠬᠦ ᠨᠢᠭᠡᠴᠢ ᠎ ᠯᠦᠭᠡ ᠰᠠᠨᠠᠭᠠᠴᠢᠯᠠᠭ᠎ᠠ ᠠᠴᠠ ᠪᠠᠨ ᠭᠦᠨᠵᠡᠭᠡᠶ ᠨᠡᠪᠲᠡᠷᠡᠯᠴᠡᠵᠦ᠂ ᠬᠠᠤᠯᠢ ᠲᠣᠭᠲᠠᠭᠠᠯ ᠶᠣᠰᠣᠭᠠᠷ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠢᠳᠡᠪᠬᠢᠲᠡᠶ ᠤᠬᠠᠭᠤᠯᠵᠤ᠂ ᠬᠥᠮᠦᠨ ᠬᠡᠷᠡᠭᠯᠡᠬᠦ  ᠨᠢᠭᠡᠴᠢ ᠶᠢᠨ ᠬᠠᠤᠯᠢ ᠴᠠᠭᠠᠵᠠ ᠶᠢᠨ ᠦᠵᠡᠯ ᠤᠬᠠᠮᠰᠠᠷ ᠪᠣᠯᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠨᠢ ᠨᠡᠮᠡᠭᠳᠡᠭᠦᠯᠵᠦ᠂ ᠲᠡᠳᠡᠨᠤᠰ ᠢ ᠬᠥᠲᠥᠯᠥᠨ ᠵᠢᠯᠣᠭᠤᠳᠴᠤ ᠪᠠᠶᠢᠭᠠᠳ ᠰᠠᠨᠠᠭᠠᠴᠢᠯᠠᠭ᠎ᠠ ᠠᠴᠠ ᠪᠠᠨ ᠴᠡᠭᠴᠡᠯᠡᠨ ᠰᠠᠶᠢᠵᠢᠷᠠᠭᠤᠯᠵᠤ᠂ ᠵᠠᠷᠤᠳᠠᠯ ᠥᠭᠬᠦ ᠡᠭᠦᠷᠭᠡ ᠪᠠᠨ ᠢᠳᠡᠪᠬᠢᠲᠡᠶ ᠭᠦᠢᠴᠡᠳᠬᠡᠯᠭᠡᠨ᠎ᠡ᠃ ᠭᠤᠷᠪᠠ ᠳᠤ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ᠂ ᠦᠢᠯᠡ ᠪᠠᠶᠢᠳᠠᠯ ᠨᠢ ᠬᠦᠨᠳᠦ ᠨᠣᠴᠢᠲᠠᠶ ᠬᠠᠤᠯᠢ ᠶᠢ ᠵᠥᠷᠢᠴᠡᠨ ᠬᠥᠮᠦᠨ ᠬᠡᠷᠡᠭᠯᠡᠬᠦ  ᠨᠢᠭᠡᠴᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ᠃ ᠵᠠᠰᠠᠭ ᠵᠠᠬᠢᠷᠭᠠᠨ ᠤ ᠰᠢᠢᠳᠬᠡᠯ ᠤᠨ ᠡᠷᠴᠢᠮ ᠢ ᠴᠢᠩᠭᠠᠷᠠᠭᠤᠯᠵᠤ᠂ ᠰᠢᠢᠳᠭᠡᠬᠦ ᠶᠣᠰᠣᠲᠠᠢ ᠶᠢ ᠨᠢ ᠶᠠᠭᠠᠬᠢᠭᠰᠠᠨ ᠴᠤ ᠢᠯᠳᠠᠷ ᠬᠠᠶᠠᠬᠤ ᠦᠭᠡᠢ᠂ ᠬᠠᠤᠯᠢ ᠠᠴᠠ ᠵᠥᠷᠢᠴᠡᠭᠰᠡᠨ ᠨᠡᠶᠢᠲᠡᠯᠢᠭ ᠬᠡᠷᠡᠭ ᠤᠨ ᠵᠢᠱᠢᠶ᠎ᠡ ᠶᠢ ᠴᠠᠭ ᠲᠤᠬᠠᠢ ᠳᠤᠨᠢ ᠢᠯᠡᠴᠢᠯᠡᠵᠦ᠂ ᠴᠢᠩᠭ᠎ᠠ ᠬᠦᠴᠦᠲᠡᠢ ᠰᠦᠷᠳᠡᠭᠦᠯᠬᠦ ᠦᠢᠯᠡᠳᠦᠯ ᠢ ᠪᠤᠢ ᠪᠣᠯᠭᠠᠵᠤ᠂ ᠬᠠᠤᠯᠢ ᠠᠴᠠ ᠵᠥᠷᠢᠴᠡᠭᠰᠡᠨ ᠡᠶᠢᠮᠦᠷᠬᠦ ᠠᠵᠢᠯᠯᠠᠭ᠎ᠠ ᠶᠢᠨ ᠲᠠᠬᠢᠨ ᠡᠭᠦᠰᠬᠦ ᠶᠢ ᠬᠤᠷᠢᠭᠯᠠᠵᠤ᠂ ᠬᠥᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠰᠦᠷᠲᠦ ᠴᠢᠨᠠᠷ ᠢ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠪᠣᠯ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠤᠨ ᠭᠤᠣᠯ ᠡᠭᠦᠷᠭᠡ ᠮᠥᠨ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠪᠦᠬᠦ ᠠᠵᠢᠯᠲᠠᠳ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠭᠤᠣᠯᠳᠠᠯᠭ᠎ᠠ ᠲᠠᠢ ᠬᠡᠷᠡᠭ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠬᠥᠳᠡᠯᠮᠦᠷᠢ ᠬᠦᠴᠦᠨ ᠬᠡᠷᠡᠭᠯᠡᠬᠦ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠣᠷᠴᠢᠨ ᠠᠬᠤᠶ ᠶᠢ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠵᠤ᠂ ᠬᠥᠳᠡᠯᠮᠦᠷᠢᠴᠢᠳ ᠲᠤ ᠬᠥᠳᠡᠯᠮᠦᠷᠢ ᠶᠢᠨ ᠵᠢᠭᠤᠷᠠᠯᠳᠤᠭᠠᠨ ᠤ ᠬᠡᠷᠡᠭ ᠨᠢᠭᠡᠪᠦᠷᠢ ᠠᠴᠠ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号