2025 ᠤᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠵᠠᠩᠭᠢᠯᠠᠭ᠎ᠠ ᠶᠢᠨ ᠵᠢᠯ ᠪᠣᠯᠣᠨ᠎ᠠ᠂ ᠮᠥᠨᠴᠦ ᠠᠵᠤ ᠠᠬᠤᠢ ᠨᠡᠶᠢᠭᠡᠮ ᠤᠨ | ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠨᠢᠭᠡ ᠵᠢᠯ ᠪᠣᠯᠣᠨ᠎ᠠ᠃ ᠴᠢᠩᠱᠠᠨ ᠲᠣᠭᠤᠷᠢᠭ ᠤᠨ ᠬᠢᠨᠠᠨ | ᠪᠤᠳᠤᠬᠤ ᠲᠣᠪᠴᠢᠶ᠎ᠠ ︽ᠭᠤᠷᠪᠠ ᠶᠢ ᠲᠥᠪᠯᠡᠷᠡᠭᠦᠯᠬᠦ︾ ᠪᠠᠷ ᠠᠵᠢᠯᠯᠠᠭᠠᠨ ᠤ ᠬᠥᠲᠥᠯᠪᠦᠷᠢ ᠪᠣᠯᠭᠠᠵᠤ᠂ ᠲᠡᠮᠡᠴᠡᠯ ᠤᠨ | ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠲᠤᠰᠬᠠᠶ ᠮᠡᠷᠭᠡᠵᠢᠯ ᠤᠨ ᠴᠢᠳᠠᠪᠤᠷᠢ ᠪᠠᠨ ᠨᠡᠮᠡᠭᠳᠡᠭᠦᠯᠵᠦ᠂ | ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ︽ᠴᠠᠭ ᠢᠮᠠᠭᠲᠠ ᠰᠠᠨᠠᠭ᠎ᠠ ᠠᠮᠤᠷ ᠦᠭᠡᠢ︾ | ᠬᠠᠷᠢᠭᠤᠴᠠᠯᠭᠠᠲᠤ ᠰᠡᠳᠬᠢᠯᠭᠡ ᠪᠠ ︽ᠶᠠᠪᠤᠳᠠᠯ ᠪᠣᠯᠭᠠᠨ ᠢ ᠴᠢᠩᠭ᠎ᠠ ᠠᠳᠬᠤᠬᠤ︾ ᠬᠡᠷᠡᠭᠵᠢᠭᠦᠯᠬᠦ ᠬᠦᠴᠦᠨ ᠢᠶᠠᠷ | ᠣᠷᠣᠨ ᠪᠦᠰᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠬᠠᠮᠠᠭᠠᠯᠠᠨ᠎ᠠ᠃ | ᠨᠢᠭᠡ ᠳᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠵᠤ | ᠬᠢᠨᠠᠯᠲᠠ ᠲᠠᠯᠪᠢᠬᠤ ︽ᠬᠠᠷᠢᠭᠤᠴᠠᠯᠭ᠎ᠠ ᠶᠢᠨ ᠬᠡᠯᠬᠢᠶ᠎ᠡ︾ ᠶᠢ ᠪᠠᠲᠤ ᠴᠤᠭᠴᠠᠯᠠᠨ᠎ᠠ᠃ ᠴᠢᠩᠱᠠᠨ ᠲᠣᠭᠤᠷᠢᠭ ᠤᠨ ᠬᠢᠨᠠᠨ | ᠪᠤᠳᠤᠬᠤ ᠲᠣᠪᠴᠢᠶ᠎ᠠ ᠢᠮᠠᠭᠲᠠ ︽ᠤᠯᠤᠰ ᠤᠨ ᠲᠥᠯᠥᠭᠡ ᠬᠢᠨᠠᠨ ᠪᠤᠳᠤᠵᠤ᠂ ᠠᠷᠠᠳ ᠤᠨ ᠲᠥᠯᠥᠭᠡ ᠪᠤᠳᠤᠬᠤ︾ ᠪᠠᠷ | ᠦᠨᠳᠦᠰᠦᠨ ᠵᠢᠷᠤᠮᠯᠠᠯ ᠪᠣᠯᠭᠠᠵᠤ᠂ ︽ᠨᠠᠷᠢᠨ ᠲᠠᠩᠰᠠ ᠶᠢᠨ ᠬᠡᠯᠪᠡᠷᠢ ᠪᠠᠷ ᠬᠠᠮᠢᠶᠠᠷᠬᠤ᠂ ᠲᠥᠷᠥᠯ ᠵᠦᠢᠯ ᠢᠶᠠᠷ | ᠠᠬᠢᠭᠤᠯᠬᠤ︾ ᠪᠠᠷ ᠭᠠᠷᠳᠠᠴᠠ ᠪᠣᠯᠭᠠᠵᠤ᠂ ᠬᠢᠨᠠᠨ ᠪᠤᠳᠤᠬᠤ ᠬᠠᠷᠢᠭᠤᠴᠠᠯᠭ᠎ᠠ ᠶᠢ ᠪᠥᠬᠦ ᠲᠠᠯ᠎ᠠ ᠪᠠᠷ | ᠪᠤᠲᠠᠲᠠᠶᠢᠵᠢᠭᠤᠯᠤᠨ᠎ᠠ᠃ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠬᠵᠢᠭᠤᠯᠵᠤ᠂ ᠨᠠᠮ ᠤᠨ | ᠤᠳᠤᠷᠢᠳᠬᠤ ᠳᠤᠭᠤᠶᠢᠯᠠᠩ ᠤᠨ ᠭᠤᠣᠯ ᠴᠣᠭᠴᠠ ᠶᠢᠨ ᠬᠠᠷᠢᠭᠤᠴᠠᠯᠭ᠎ᠠ᠂ ᠭᠤᠣᠯ ᠤᠳᠤᠷᠢᠳᠤᠯᠭ᠎ᠠ ᠶᠢᠨ | ᠬᠠᠷᠢᠭᠤᠴᠠᠯᠭ᠎ᠠ ᠪᠠ ᠬᠢᠨᠠᠨ ᠪᠤᠳᠤᠬᠤ ᠳᠤᠭᠤᠶᠢᠯᠠᠩ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭ᠎ᠠ ᠶᠢ | ᠲᠣᠳᠣᠷᠬᠠᠶᠢᠯᠠᠵᠤ᠂ ︽ᠨᠢᠭᠡ ᠱᠠᠳᠤ ᠨᠢ ᠨᠢᠭᠡ ᠱᠠᠳᠤ ᠪᠠᠨ ᠠᠳᠬᠤᠵᠤ᠂ ᠱᠠᠳᠤ ᠱᠠᠳᠤ ᠪᠠᠷ ᠨᠠᠶᠢᠳᠠᠪᠤᠷᠢᠵᠢᠭᠤᠯᠤᠯᠲᠠ ᠶᠢ | ᠠᠳᠬᠤᠬᠤ︾ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ | ᠨᠠᠶᠢᠳᠠᠪᠤᠷᠢᠵᠢᠭᠤᠯᠤᠯᠲᠠ ᠶᠢ ᠠᠩᠬᠠᠷᠤᠨ᠎ᠠ᠃ ᠲᠥᠪ ᠵᠢᠴᠢ ᠮᠤᠵᠢ ᠬᠤᠲᠠ ᠶᠢᠨ ᠴᠢᠬᠤᠯᠠ ᠶᠡᠭᠡ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ᠂ ᠡᠳ᠋ ᠤᠨ ᠵᠠᠰᠠᠭ ᠤᠨ ᠪᠠᠯᠠ ᠮᠥᠩᠭᠦ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠯᠤᠭ᠎ᠠ ᠨᠢᠭᠲᠠ | ᠤᠶᠠᠯᠳᠤᠭᠤᠯᠤᠨ᠂ ᠣᠨ ᠤ ᠬᠢᠨᠠᠨ ᠪᠤᠳᠤᠬᠤ ᠲᠥᠷᠥᠯ ᠵᠦᠢᠯ ᠤᠨ ᠲᠥᠯᠥᠪᠯᠡᠭᠡ ᠶᠢ ᠲᠣᠭᠲᠠᠭᠠᠵᠤ᠂ | ᠬᠠᠷᠢᠭᠤᠴᠠᠯᠭ᠎ᠠ ᠶᠢᠨ ᠭᠤᠤᠯ ᠴᠣᠭᠴᠠ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠪᠠ ᠦᠷ᠎ᠡ ᠪᠦᠲᠦᠭᠡᠯ ᠤᠨ | ᠱᠠᠭᠠᠷᠳᠠᠯᠭ᠎ᠠ ᠶᠢ ᠲᠣᠳᠣᠷᠬᠠᠶᠢᠯᠠᠨ᠂ ᠲᠥᠷᠥ ᠶᠢᠨ ᠪᠣᠳᠣᠯᠭ᠎ᠠ ᠶᠢ ᠨᠠᠶᠢᠲᠠᠪᠦᠷᠢᠵᠢᠭᠤᠯᠵᠦ᠂ ᠬᠢᠨᠠᠨ ᠪᠤᠳᠤᠬᠤ ᠬᠢᠨᠠᠯᠲᠠ | ᠲᠠᠯᠪᠢᠬᠤ ᠬᠦᠷᠲᠡᠯ᠎ᠡ ᠬᠡᠷᠡᠭᠵᠢᠭᠦᠯᠬᠦ ᠶᠢ ᠦᠨᠡᠨ ᠬᠦ ᠪᠠᠲᠤᠯᠠᠨ᠎ᠠ᠃ | ᠬᠤᠶᠠᠷ ᠲᠤ᠂ ᠭᠤᠣᠯᠳᠠᠯᠭ᠎ᠠ ᠲᠠᠢ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯ ᠲᠦᠭᠰᠢᠭᠦᠷᠢ ᠶᠢ | ᠰᠡᠷᠭᠡᠶᠢᠯᠡᠨ ᠡᠵᠡᠮᠳᠡᠬᠦ ︽ᠬᠢᠨᠠᠯᠲᠠ ᠲᠠᠯᠪᠢᠬᠤ ᠲᠣᠣᠷ︾ ᠢ ᠨᠢᠭᠲᠠ ᠰᠦᠯᠵᠢᠨ᠎ᠡ᠃ ᠴᠢᠩᠱᠠᠨ ᠲᠣᠭᠤᠷᠢᠭ ᠤᠨ ᠬᠢᠨᠠᠨ | ᠪᠤᠳᠤᠬᠤ ᠲᠣᠪᠴᠢᠶ᠎ᠠ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠤᠯᠳᠠᠯᠭ᠎ᠠ ᠲᠠᠢ ᠬᠦᠷᠢᠶ᠎ᠡ | ᠴᠠᠷᠠᠭ᠎ᠠ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠢᠨᠠᠨ ᠪᠤᠳᠤᠬᠤ ᠬᠢᠨᠠᠯᠲᠠ ᠶᠢ ᠭᠦᠨ ᠳᠡᠰ | ᠳᠠᠪᠬᠤᠷᠭ᠎ᠠ ᠲᠡᠰᠢ ᠤᠷᠲᠤᠳᠬᠠᠬᠤ ᠶᠢ ᠠᠬᠢᠭᠤᠯᠤᠨ᠎ᠠ᠃ ᠨᠢᠭᠡ ᠲᠠᠯ᠎ᠠ ᠪᠠᠷ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠠᠯᠠ ᠮᠥᠩᠭᠦ ᠶᠢᠨ ᠬᠡᠷᠡᠭᠯᠡᠯᠲᠡ ᠶᠢᠨ ᠪᠠᠶᠢᠳᠠᠯ ᠤᠨ ᠲᠣᠭᠤᠷᠢᠨ ᠳᠤ᠂ | ᠲᠤᠰᠬᠠᠶ ᠬᠢᠨᠠᠨ ᠪᠤᠳᠤᠯᠳᠠ ᠶᠢᠨ ᠪᠠᠶᠢᠴᠠᠭᠠᠯᠲᠠ ᠶᠢ ᠥᠷᠨᠢᠭᠦᠯᠵᠦ᠂ ᠠᠷᠠᠳ ᠤᠨ ᠠᠮᠢᠳᠤᠷᠠᠯ ᠤᠨ ᠪᠠᠯᠠ ᠮᠥᠩᠭᠦ ᠶᠢᠨ | ᠠᠮᠤᠷ ᠲᠦᠪᠰᠢᠨ ᠢ ᠬᠠᠮᠠᠭᠠᠯᠠᠨ᠎ᠠ᠃ ᠰᠢᠬᠠᠨ ᠡᠵᠡᠯᠡᠵᠦ ᠨᠡᠭᠦᠯᠭᠡᠨ ᠬᠡᠷᠡᠭᠯᠡᠬᠦ᠂ ᠬᠤᠳᠠᠯ ᠢᠶᠠᠷ ᠮᠡᠳᠡᠭᠦᠯᠵᠦ ᠬᠠᠭᠤᠷᠮᠠᠭᠯᠠᠨ | ᠠᠪᠬᠤ ᠵᠡᠷᠭᠡ ᠠᠰᠠᠭᠤᠳᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠠᠷᠠᠳ ᠲᠤ ᠠᠰᠢᠭ ᠬᠦᠷᠲᠡᠭᠡᠬᠦ ᠲᠦᠷᠦ ᠶᠢᠨ | ᠪᠤᠳᠤᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠪᠠᠲᠤᠯᠠᠨ᠎ᠠ᠃ ᠨᠢᠭᠡ ᠲᠠᠯ᠎ᠠ ᠨᠢ | ᠵᠠᠰᠠᠭ ᠤᠨ ᠣᠷᠳᠣᠨ ᠤ ᠪᠠᠯᠠ ᠣᠷᠣᠭᠤᠯᠤᠯᠲᠠ ᠶᠢᠨ ᠢᠨᠵᠧᠨᠧᠷᠢᠩ᠂ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ | ᠪᠠᠶᠢᠭᠤᠯᠬᠤ ᠲᠥᠷᠥᠯ ᠵᠦᠢᠯ ᠵᠡᠷᠭᠡ ᠶᠢᠨ ᠡᠮᠦᠨ᠎ᠡ ᠪᠥᠬᠦ ᠶᠠᠪᠤᠴᠠ ᠳᠤ ᠮᠥᠷᠳᠡᠨ ᠬᠢᠨᠠᠨ ᠪᠤᠳᠤᠵᠤ᠂ ᠴᠢᠬᠤᠯᠠ ᠶᠡᠭᠡ | ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ᠃ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠬᠦᠯᠢᠶᠡᠬᠦ ᠨᠢ ᠵᠢᠷᠤᠮᠵᠢᠯ ᠦᠭᠡᠢ᠂ ᠪᠡᠯᠡ ᠮᠥᠩᠭᠦ ᠶᠢ ᠰᠢᠯᠵᠢᠭᠦᠯᠦᠨ ᠥᠭᠭᠦᠭᠰᠡᠨ ᠨᠢ | ᠬᠤᠴᠣᠷᠤᠩᠭᠤᠢ ᠵᠡᠷᠭᠡ ᠠᠶᠤᠯ ᠲᠦᠭᠰᠢᠭᠦᠷᠢ ᠶᠢᠨ ᠭᠡᠮ ᠰᠣᠭᠤᠭ ᠢ ᠭᠤᠣᠯᠳᠠᠯᠭ᠎ᠠ ᠲᠠᠢ ᠢᠯᠡᠷᠡᠭᠦᠯᠵᠦ᠂ ᠲᠦᠷᠦᠯ | ᠵᠦᠢᠯ ᠢ ᠥᠨᠳᠥᠷ ᠪᠦᠲᠦᠮᠵᠢᠲᠡᠢ ᠠᠷᠢᠭᠤᠨ ᠴᠢᠬᠡᠴᠢ ᠪᠠᠷ ᠬᠡᠷᠡᠭᠵᠢᠭᠦᠯᠬᠦ ᠶᠢ ᠠᠬᠢᠭᠤᠯᠤᠨ᠎ᠠ᠃ ᠨᠥᠭᠦᠭᠡ ᠲᠠᠯ᠎ᠠ ᠪᠠᠷ | ᠡᠳ᠋ ᠤᠨ ᠵᠠᠰᠠᠭ ᠤᠨ ᠲᠥᠰᠦᠪ ᠢ ᠭᠦᠢᠴᠡᠳᠭᠡᠬᠦ᠂ ᠲᠥᠰᠦᠪ ᠤᠨ ᠭᠦᠢᠴᠡᠳᠬᠡᠯ ᠤᠨ ᠲᠥᠰᠦᠯ ᠪᠠ ᠪᠤᠰᠤᠳ ᠡᠳ᠋ ᠤᠨ | ᠵᠠᠰᠠᠭ ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢᠨ ᠪᠠᠶᠢᠳᠠᠯ ᠳᠤ ᠬᠢᠨᠠᠨ ᠪᠣᠳᠣᠯᠲᠠ ᠬᠢᠬᠦ ᠶᠢ | ᠭᠦᠨᠵᠡᠭᠡᠶᠢᠷᠡᠭᠦᠯᠵᠦ᠂ ᠠᠵᠤ ᠠᠬᠤᠶ ᠶᠢᠨ ᠠᠶᠤᠯ ᠲᠦᠭᠰᠢᠭᠦᠷᠢ ᠶᠢᠨ ᠳᠠᠯᠳᠠ ᠬᠡᠮ ᠢ ᠰᠡᠷᠭᠡᠶᠢᠯᠡᠨ᠎ᠡ᠃ ᠣᠷᠣᠨ | ᠨᠤᠲᠤᠭ ᠤᠨ ᠵᠠᠰᠠᠭ ᠤᠨ ᠣᠷᠳᠣᠨ ᠤ ᠥᠷᠢ ᠥᠭᠴᠡᠭᠡ ᠵᠡᠷᠭᠡ ᠭᠤᠤᠯᠳᠠᠯᠭ᠎ᠠ ᠲᠠᠢ ᠬᠦᠷᠢᠶ᠎ᠡ ᠴᠠᠷᠠᠭ᠎ᠠ ᠶᠢ | ᠤᠷᠲᠤᠳᠬᠠᠵᠤ᠂ ᠬᠡᠯᠪᠡᠷᠢᠯ ᠤᠨ ᠴᠢᠨᠠᠷᠲᠠᠶ ᠠᠰᠠᠭᠤᠳᠠᠯ ᠢ ᠢᠯᠡᠷᠡᠭᠦᠯᠵᠦ᠂ ᠠᠶᠤᠯ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠬᠦ ᠲᠤᠰᠬᠠᠶ ᠰᠡᠳᠦᠪᠲᠦ ᠮᠡᠳᠡᠭᠦᠯᠦᠯᠲᠡ ᠶᠢ ᠪᠣᠶ ᠪᠣᠯᠭᠠᠵᠤ᠂ ᠠᠶᠤᠯ ᠲᠦᠭᠰᠢᠭᠦᠷᠢ ᠶᠢ ᠡᠬᠢ | ᠡᠭᠦᠰᠦᠯ ᠠᠴᠠ ᠨᠢ ᠴᠢᠩᠭ᠎ᠠ ᠬᠤᠷᠢᠭᠯᠠᠨ᠎ᠠ᠃ | ᠭᠤᠷᠪᠠ ᠳᠤ᠂ ᠴᠢᠳᠠᠪᠤᠷᠢ ᠪᠠᠨ ᠳᠡᠭᠡᠭᠰᠢᠯᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠠᠷᠢᠭᠤᠴᠠᠯᠭ᠎ᠠ | ᠡᠭᠦᠷᠭᠡᠯᠡᠬᠦ ︽ᠲᠡᠮᠦᠷ ᠮᠥᠷᠥ︾ ᠶᠢ ᠳᠠᠪᠲᠠᠨ ᠪᠤᠯᠪᠠᠰᠤᠷᠠᠭᠤᠯᠤᠨ᠎ᠠ᠃ ᠴᠢᠩᠱᠠᠨ ᠲᠣᠭᠤᠷᠢᠭ ᠤᠨ ᠬᠢᠨᠠᠨ ᠪᠤᠳᠤᠬᠤ | ᠲᠣᠪᠴᠢᠶ᠎ᠠ ︽ᠴᠢᠳᠠᠪᠤᠷᠢ ᠪᠠᠷ ᠬᠠᠷᠢᠭᠤᠴᠠᠯᠭ᠎ᠠ ᠶᠢ ᠠᠬᠢᠭᠤᠯᠵᠤ᠂ ᠰᠤᠷᠲᠠᠯ ᠢᠶᠠᠷ ᠨᠠᠶᠢᠳᠠᠪᠤᠷᠢᠵᠢᠭᠤᠯᠤᠯᠲᠠ ᠶᠢ | ᠪᠠᠲᠤᠯᠠᠬᠤ︾ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠲᠤᠰᠬᠠᠶᠢᠵᠢᠭᠰᠠᠨ ᠬᠢᠨᠠᠨ ᠪᠤᠳᠤᠬᠤ ᠡᠩᠨᠡᠭᠡ ᠶᠢ | ᠪᠠᠶᠢᠭᠤᠯᠵᠤ᠂ ︽ᠤᠯᠤᠰ ᠲᠥᠷᠥ ᠶᠢᠨ ᠴᠢᠳᠠᠪᠤᠷᠢ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠰᠢᠨᠵᠢᠯᠡᠬᠦ ᠤᠬᠠᠭᠠᠨ | ᠮᠡᠷᠭᠡᠵᠢᠯ ᠤᠨ ᠬᠡᠷᠡᠭᠯᠡᠯᠲᠡ︾ ᠭᠤᠷᠪᠠᠨ ᠬᠡᠮᠵᠢᠯᠳᠦ ᠬᠥᠮᠦᠵᠢᠭᠦᠯᠬᠦ ᠰᠢᠰᠲ᠋ᠧᠮ ᠢ ᠪᠠᠶᠢᠭᠤᠯᠤᠨ᠎ᠠ᠃ ᠤᠯᠤᠰ ᠲᠥᠷᠥ ᠶᠢᠨ | ᠳᠠᠪᠲᠠᠯᠲᠠ ᠶᠢ ᠴᠢᠩᠭᠠᠳᠬᠠᠵᠤ᠂ ︽ᠨᠠᠮ ᠤᠨ ᠪᠠᠶᠢᠭᠤᠯᠤᠯᠲᠠ ᠶᠢᠨ ᠬᠢᠨᠠᠨ ᠪᠤᠳᠤᠯᠲᠠ︾ ᠶᠢᠨ ᠬᠤᠶᠠᠷ ᠢ | ᠠᠭᠤᠰᠤᠯᠴᠠᠭᠤᠯᠤᠨ ᠬᠤᠶᠠᠷ ᠢ ᠠᠬᠢᠭᠤᠯᠬᠤ ᠲᠣᠭᠲᠠᠴᠠ ᠶᠢ ᠪᠠᠶᠢᠭᠤᠯᠤᠨ᠎ᠠ᠃ ︽ᠬᠢᠨᠠᠨ ᠪᠤᠳᠤᠬᠤ ᠬᠤᠰᠢᠭᠤᠴᠢ︾ | ᠨᠠᠮ ᠤᠨ ᠪᠠᠶᠢᠭᠤᠯᠤᠯᠲᠠ ᠶᠢᠨ ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭ᠎ᠠ ᠶᠢ ᠥᠷᠨᠢᠭᠦᠯᠵᠦ᠂ ᠲᠤᠰᠬᠠᠶ ᠰᠡᠳᠦᠪᠲᠦ | ᠨᠠᠮ ᠤᠨ ᠬᠢᠴᠢᠶᠡᠯ᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ ᠤᠨ ᠰᠤᠳᠤᠯᠤᠨ ᠰᠤᠷᠤᠯᠴᠠᠬᠤ | ᠠᠵᠢᠯᠯᠠᠭ᠎ᠠ ᠶᠢ ᠵᠣᠬᠢᠶᠠᠨ ᠪᠠᠶᠢᠭᠤᠯᠵᠤ᠂ ᠤᠯᠤᠰ ᠲᠥᠷᠥ ᠶᠢᠨ ᠦᠨᠡᠨᠴᠢ ᠰᠢᠳᠤᠷᠭᠤ ᠶᠢ ᠪᠠᠲᠤ ᠴᠤᠭᠴᠠᠯᠠᠨ᠎ᠠ᠃ | ᠲᠤᠰᠬᠠᠢ ᠮᠡᠷᠭᠡᠵᠢᠯ ᠤᠨ ᠴᠢᠳᠠᠪᠤᠷᠢ ᠣᠯᠭᠤᠬᠤ ᠶᠢ ᠴᠢᠬᠤᠯᠠᠴᠢᠯᠠᠵᠤ᠂ ᠭᠤᠣᠯᠯᠠᠭᠴᠢ ᠬᠦᠴᠦᠨ ᠢ ᠰᠣᠩᠭᠤᠨ | ᠲᠣᠮᠢᠯᠠᠵᠤ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ︽ᠬᠢᠨᠠᠨ ᠪᠠᠶᠢᠴᠠᠭᠠᠬᠤ ᠪᠠᠷ ᠪᠣᠯᠪᠠᠰᠤᠷᠠᠯ ᠢ | ᠣᠷᠣᠯᠠᠭᠤᠯᠬᠤ︾ ᠲᠦᠷᠦᠯ ᠵᠦᠢᠯ ᠳᠤ ᠣᠷᠣᠯᠴᠠᠭᠤᠯᠤᠨ᠎ᠠ᠃ ︽ᠬᠢᠨᠠᠨ ᠪᠤᠳᠤᠬᠤ ᠶᠠᠷᠢᠶᠠᠨ ᠤ ᠲᠠᠩᠬᠢᠮ︾ ᠢ | ᠥᠷᠨᠢᠭᠦᠯᠵᠦ᠂ ᠲᠣᠮᠣ ᠳ᠋ᠠᠶᠢᠲ᠋ᠠ ᠶᠢᠨ ᠬᠢᠨᠠᠨ ᠪᠤᠳᠤᠯᠲᠠ᠂ ᠰᠤᠳᠤᠯᠭᠠᠨ ᠤ ᠬᠡᠯᠪᠡᠷᠢ ᠶᠢᠨ ᠬᠢᠨᠠᠨ ᠪᠤᠳᠤᠬᠤ ᠲᠤᠰᠬᠠᠶ | ᠰᠡᠳᠦᠪᠲᠦ ᠪᠣᠯᠪᠠᠰᠤᠷᠠᠭᠤᠯᠤᠯ ᠬᠢᠨ᠎ᠡ᠃ ᠰᠠᠬᠢᠯᠭ᠎ᠠ ᠪᠠᠲᠤ ᠣᠪᠣᠷ ᠰᠤᠷᠲᠠᠯ ᠢ ᠴᠢᠩᠳᠠᠯᠠᠵᠤ᠂ ᠠᠷᠢᠭᠤᠨ ᠴᠢᠬᠡᠴᠢ ᠪᠠᠷ | ᠵᠠᠰᠠᠭ ᠪᠠᠷᠢᠬᠤ ᠲᠤᠬᠠᠶ ᠬᠠᠷᠢᠭᠤ ᠰᠤᠷᠪᠤᠯᠵᠢᠯᠠᠯ ᠢ ᠪᠠᠶᠢᠩᠭᠤᠵᠢᠭᠤᠯᠤᠨ ᠥᠷᠨᠢᠭᠦᠯᠵᠦ᠂ ᠪᠦᠬᠦ ᠵᠢᠯ ᠳᠤ ᠬᠢᠨᠠᠨ | ᠪᠤᠳᠤᠯᠲᠠ ᠶᠢ ︽ᠵᠠᠭᠠᠯᠳᠤᠯᠭ᠎ᠠ ᠭᠠᠷᠭᠠᠬᠤ ᠦᠭᠡᠶ︾᠂ ᠡᠩᠨᠡᠭᠡ ᠳᠤ ᠰᠠᠬᠢᠯᠭ᠎ᠠ ᠪᠠᠲᠤ ᠶᠢ ᠵᠥᠷᠢᠴᠡᠭᠰᠡᠨ ᠦᠭᠡᠶ | ᠪᠠᠶᠢᠬᠤ ᠶᠢ ᠪᠡᠶᠡᠯᠡᠭᠦᠯᠦᠨ᠎ᠡ᠃ | | | |