2 ᠰᠠᠷ᠎ᠠ ᠶᠢᠨ 27 ᠤ ᠡᠳᠦᠷ᠂ ᠴᠢᠩ ᠹᠦ᠋ ᠪᠠᠯᠭᠠᠰᠤᠨ ᠤ ᠳᠣᠯᠣᠳᠤᠭᠠᠷ ᠬᠤᠭᠤᠴᠠᠭᠠᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠤᠳᠠᠭᠠᠨ ᠤ ᠬᠤᠷᠠᠯ ᠪᠠᠯᠭᠠᠰᠤᠨ ᠤ ᠵᠠᠰᠠᠭ ᠤᠨ ᠣᠷᠳᠣᠨ ᠤ | ᠵᠢᠷᠭᠤᠳᠤᠭᠠᠷ ᠳᠠᠪᠬᠤᠷᠯᠢᠭ ᠤᠨ ᠶᠡᠭᠡ ᠬᠤᠷᠠᠯ ᠤᠨ ᠬᠡᠷ ᠲᠤ ᠤᠷᠤᠭᠰᠢᠲᠠᠶ ᠬᠤᠷᠠᠯᠳᠤᠵᠤ᠂ ᠪᠥᠬᠦ ᠪᠠᠯᠭᠠᠰᠤᠨ ᠤ ᠡᠯ᠎ᠡ | ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠴᠤᠭᠯᠠᠷᠠᠵᠤ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠬᠥᠭᠵᠢᠯᠲᠡ ᠶᠢᠨ ᠵᠢᠷᠤᠭ ᠲᠥᠰᠦᠪ ᠢ | ᠬᠠᠮᠲᠤ ᠪᠠᠷ ᠵᠢᠷᠤᠭᠯᠠᠵᠤ᠂ ᠠᠷᠠᠳ ᠤᠨ ᠠᠮᠢᠳᠤᠷᠠᠯ ᠤᠨ ᠶᠡᠭᠡ ᠪᠣᠳᠣᠯᠭ᠎ᠠ ᠶᠢ ᠬᠠᠮᠲᠤ ᠪᠠᠷ ᠵᠥᠪᠯᠡᠪᠡ᠃ | ᠶᠡᠭᠡ ᠬᠤᠷᠠᠯ ᠠᠴᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠠᠵᠢᠯ ᠤᠨ ᠮᠡᠳᠡᠭᠦᠯᠦᠯᠲᠡ ᠶᠢ ᠬᠢᠨᠠᠨ ᠵᠦᠪᠯᠡᠨ ᠪᠠᠲᠤᠯᠠᠵᠤ᠂ | ᠴᠢᠩ ᠹᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2024 ᠣᠨ ᠤ ᠠᠷᠠᠳ ᠤᠨ ᠠᠮᠢᠳᠤᠷᠠᠯ ᠤᠨ | ᠪᠣᠳᠠᠲᠤ ᠶᠠᠪᠤᠳᠠᠯ ᠤᠨ ᠲᠦᠷᠦᠯ ᠵᠦᠢᠯ ᠢ ᠪᠡᠶᠡᠯᠡᠭᠦᠯᠦᠭᠰᠡᠨ ᠪᠠᠶᠢᠳᠠᠯ ᠳᠤ ᠬᠠᠨᠤᠮᠵᠢ ᠶᠢᠨ ᠬᠡᠮᠵᠢᠶᠡᠨ ᠤ ᠪᠠᠲᠤᠯᠠᠭ᠎ᠠ | ᠥᠭᠴᠦ᠂ ᠵᠥᠷᠢᠶᠡᠲᠦ ᠪᠢᠯᠧᠲ ᠢᠶᠠᠷ ᠴᠢᠩ ᠹᠦ᠋ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 6 ᠲᠦᠷᠦᠯ ᠵᠦᠢᠯ ᠢ ᠰᠣᠩᠭᠤᠨ ᠭᠠᠷᠭᠠᠪᠠ᠃ | ᠬᠤᠷᠠᠯ ᠠᠴᠠ᠂ ᠪᠦᠬᠦ ᠪᠠᠯᠭᠠᠰᠤ ᠪᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠵᠤ᠂ ᠪᠠᠶᠢᠯᠳᠤᠬᠤ ᠪᠤᠳᠤᠯᠭ᠎ᠠ ᠶᠢ ᠲᠥᠯᠥᠪᠵᠢᠭᠦᠯᠬᠦ᠂ | ᠲᠦᠷᠦ ᠶᠢᠨ ᠪᠤᠳᠤᠯᠭ᠎ᠠ ᠶᠢ ᠲᠣᠭᠲᠠᠭᠠᠬᠤ᠂ ᠡᠭᠦᠷᠭᠡ ᠶᠢ ᠪᠠᠶᠢᠷᠢᠯᠠᠭᠤᠯᠬᠤ ᠪᠦᠬᠦ ᠶᠠᠪᠤᠴᠠ ᠳᠤ ᠲᠤᠭᠤᠰᠢᠯᠠᠭᠤᠯᠵᠦ᠂ | ᠪᠣᠳᠠᠲᠠᠢ ᠠᠷᠭ᠎ᠠ ᠬᠡᠮᠵᠢᠶ᠎ᠡ ᠪᠠᠷ ᠳᠡᠭᠡᠳᠦ ᠱᠠᠲᠤᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ ᠬᠡᠷᠡᠭᠲᠡᠢ᠃ ︽ᠨᠢᠭᠡ ᠲᠡᠩᠭᠡᠯᠢᠭ ᠬᠤᠶᠠᠷ ᠪᠦᠰᠡ | ᠵᠢᠷᠭᠤᠭᠠᠨ ᠹᠢᠯᠢᠮ︾ ᠤᠨ ᠬᠤᠳᠠ ᠬᠥᠳᠡᠭᠡ ᠶᠢ ᠠᠭᠤᠰᠤᠯᠴᠠᠭᠤᠯᠤᠨ ᠪᠠᠶᠢᠷᠢᠰᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠶᠢᠨ ᠴᠢᠳᠠᠪᠬᠢ ᠶᠢ | ᠴᠢᠩᠭᠠᠳᠬᠠᠵᠤ᠂ ᠡᠬᠢ ᠪᠠᠶᠠᠯᠢᠭ ᠢ ᠳᠠᠭᠠᠭᠠᠴᠢᠯᠠᠭᠤᠯᠬᠤ᠂ ᠡᠳ᠋ ᠬᠦᠷᠦᠩᠭᠡ ᠪᠠᠷ ᠬᠤᠪᠢ ᠣᠷᠣᠭᠤᠯᠬᠤ ᠵᠡᠷᠭᠡ ᠤᠯᠠᠨ | ᠡᠰᠢᠴᠢᠯᠡᠭᠰᠡᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠵᠦ᠂ ᠶᠢᠨ ᠬᠠᠢ ᠪᠠᠷᠢᠯᠭ᠎ᠠ ᠶᠢᠨ ᠮᠠᠲ᠋ᠧᠷᠢᠶᠠᠯ ᠤᠨ ᠠᠵᠤ | ᠦᠢᠯᠡᠰ ᠤᠨ ᠵᠡᠭᠡᠯᠢ ᠲᠣᠭᠤᠷᠢᠭ᠂ ᠰᠡᠴᠢ ᠪᠤᠯᠤᠩ ᠲᠠᠷᠢᠶᠠᠯᠠᠩ ᠤᠨ ᠪᠦᠲᠦᠭᠡᠭᠳᠡᠬᠦᠨ ᠤ ᠠᠷᠠᠯᠵᠢᠶᠠᠨ ᠤ ᠲᠥᠪ᠂ ᠴᠠᠩ | ᠹᠦ᠋ ᠲᠣᠰᠬᠤᠨ ᠤ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ ᠵᠡᠷᠭᠡ ᠭᠤᠣᠯᠳᠠᠯᠭ᠎ᠠ ᠲᠠᠢ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠪᠠᠯᠭᠠᠰᠤ ᠶᠢᠨ ᠬᠡᠪᠴᠢᠶᠡᠨ ᠤ ᠵᠢᠱᠢᠶ᠎ᠡ ᠦᠵᠡᠭᠦᠯᠬᠦ ᠲᠦᠷᠦᠯ ᠲᠡᠮᠳᠡᠭ ᠢ | ᠡᠭᠦᠳᠴᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ︽ᠠᠷᠠᠳ ᠤᠨ ᠲᠥᠯᠥᠭᠡᠯᠡᠭᠴᠢ ᠠᠷᠠᠳ ᠲᠦᠮᠡᠨ ᠤ | ᠲᠥᠯᠥᠭᠡ︾ ᠣᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠦᠢᠯᠡᠳᠦᠯᠭᠡᠵᠢᠭᠦᠯᠵᠦ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠪᠠᠳᠠᠷᠠᠭᠤᠯᠤᠨ᠂ ᠲᠥᠷᠥ ᠶᠢᠨ ᠪᠣᠳᠣᠯᠭ᠎ᠠ ᠶᠢᠨ ︽ᠳᠠᠭᠤ ᠳᠠᠮᠵᠢᠭᠤᠯᠤᠭᠴᠢ︾ ᠪᠠ ᠣᠯᠠᠨ ᠲᠦᠮᠡᠨ ᠤ | ︽ᠳᠣᠲᠣᠨᠣ ᠬᠥᠮᠦᠨ︾ ᠪᠣᠯᠵᠣ᠂ ᠠᠷᠠᠳ ᠤᠨ ᠲᠥᠯᠥᠭᠡᠯᠡᠭᠴᠢᠳ ᠤᠨ ᠠᠵᠢᠯᠯᠠᠭ᠎ᠠ ᠶᠢᠨ ᠵᠢᠭᠰᠠᠭᠠᠯ ᠤᠨ ᠭᠠᠵᠠᠷ ᠲᠤ | ᠲᠦᠰᠢᠭᠯᠡᠨ ᠠᠷᠠᠳ ᠤᠨ ᠪᠠᠶᠢᠳᠠᠯ ᠢ ᠪᠠᠶᠢᠴᠠᠭᠠᠵᠤ᠂ ᠠᠷᠠᠳ ᠤᠨ ᠣᠶᠤᠨ ᠤᠬᠠᠭᠠᠨ ᠢ ᠬᠤᠷᠠᠮᠳᠤᠭᠤᠯᠤᠨ᠂ ᠣᠯᠠᠨ | ᠲᠦᠮᠡᠨ ᠤ ᠪᠠᠴᠢᠮ ᠪᠡᠷᠬᠡ ᠵᠣᠪᠠᠨᠢᠯ ᠤᠨ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠶ᠃ ᠪᠥᠬᠦ | ᠪᠠᠯᠭᠠᠰᠤᠨ ᠤ ᠺᠠᠳ᠋ᠷ ᠣᠯᠠᠨ ᠲᠦᠮᠡᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ | ᠪᠣᠯᠭᠠᠵᠤ᠂ ᠲᠡᠷᠢᠭᠦᠨ ᠤ ᠭᠠᠵᠠᠷ ᠣᠷᠣᠨ ᠤ ᠬᠥᠭᠵᠢᠯᠲᠡ ᠶᠢᠨ ᠲᠤᠷᠰᠢᠯᠭ᠎ᠠ ᠪᠠᠷ ᠪᠠᠷᠢᠮᠵᠢᠶᠠᠯᠠᠨ᠂ ᠪᠠᠶᠢᠴᠠᠭᠠᠨ | ᠰᠤᠳᠤᠯᠬᠤ ᠰᠤᠷᠲᠠᠯ ᠢ ᠶᠡᠬᠡᠪᠡᠷ ᠪᠠᠳᠠᠷᠠᠭᠤᠯᠵᠤ᠂ ᠡᠯ᠎ᠡ ᠵᠦᠢᠯ ᠤᠨ ᠬᠢᠷᠢ ᠪᠦᠲᠦᠮᠵᠢ ᠶᠢ ᠴᠢᠬᠤᠯᠠᠴᠢᠯᠠᠵᠦ᠂ ᠴᠢᠩ ᠹᠦ᠋ | ᠪᠠᠯᠭᠠᠰᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠶ ᠭᠡᠵᠦ | ᠱᠠᠭᠠᠷᠳᠠᠭᠰᠠᠨ ᠪᠠᠶᠢᠨ᠎ᠠ᠃ | | | | | | |