︽12345︾ ᠰᠡᠳᠬᠢᠯ ᠬᠤᠯᠪᠣᠬᠤ ᠬᠥᠭᠦᠷᠭᠡ    ᠴᠢᠩᠱᠠᠨ ᠲᠣᠭᠤᠷᠢᠭ ᠤᠨ ᠬᠠᠯᠠᠮᠰᠢᠯ ᠤᠲᠠᠰᠤᠨ ᠤ ᠦᠢᠯᠡᠴᠢᠯᠡᠭᠡ ᠶᠢ ᠳᠡᠰ ᠳᠡᠪᠰᠢᠭᠦᠯᠪᠡ
ᠨᠡᠶᠢᠲᠡᠯᠡᠭᠰᠡᠨ ᠴᠠᠭ᠄
2025/2/28
      ᠦᠢᠯᠡᠴᠢᠯᠡᠭᠡᠨ ᠤ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠯᠢᠳᠡᠭᠵᠢᠭᠦᠯᠬᠦ ᠲᠠᠯ᠎ᠠ ᠪᠠᠷ ᠬᠢ ᠡᠷᠡᠰ ᠵᠣᠷᠢᠭ ᠪᠠ ᠡᠭᠦᠷᠭᠡᠯᠡᠯ ᠢ ᠭᠦᠢᠴᠡᠳ ᠢᠯᠡᠷᠡᠭᠦᠯᠬᠦ ᠶᠢᠨ ᠲᠥᠯᠥᠭᠡ᠂ 2025 ᠣᠨ ᠤ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠶᠢᠯᠬᠤ ᠰᠡᠳᠬᠢᠬᠦᠶ ᠪᠠᠷ ︽12345︾ ᠵᠠᠰᠠᠭ ᠤᠨ ᠣᠷᠳᠣᠨ ᠤ ᠬᠠᠯᠠᠮᠰᠢᠯ ᠤᠲᠠᠰᠤ ᠶᠢᠨ ᠠᠵᠢᠯ ᠢ ᠥᠷᠨᠢᠭᠦᠯᠵᠦ᠂ ᠲᠠᠰ ᠳᠡᠪᠰᠢᠭᠦᠯᠬᠦ ᠶᠢ ᠴᠢᠷᠮᠠᠶᠢᠨ ᠪᠡᠶᠡᠯᠡᠭᠦᠯᠦᠨ᠎ᠡ᠃      ᠨᠢᠭᠡ᠂ ᠲᠤᠬᠠᠶᠢᠯᠠᠭᠰᠠᠨ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠵᠦ᠂ ᠲᠤᠰᠬᠠᠶ ᠮᠡᠷᠭᠡᠵᠢᠯ ᠤᠨ ᠡᠩᠨᠡᠭᠡ ᠶᠢ ᠪᠠᠶᠢᠭᠤᠯᠤᠨ᠎ᠠ      ᠲᠣᠭᠲᠠᠮᠠᠯ ᠬᠤᠭᠤᠴᠠᠭ᠎ᠠ ᠲᠠᠢ ᠪᠠᠷ ᠲᠤᠬᠠᠶᠢᠯᠠᠭᠰᠠᠨ ᠠᠵᠢᠯ ᠤᠨ ᠪᠤᠯᠪᠠᠰᠤᠷᠠᠯ ᠢ ᠵᠣᠬᠢᠶᠠᠨ ᠪᠠᠶᠢᠭᠤᠯᠵᠤ᠂ ᠳᠡᠭᠡᠳᠦ ᠱᠠᠲᠤᠨ ᠤ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠲᠤᠭᠤᠷᠢᠭ ᠤᠨ ᠬᠠᠯᠠᠮᠰᠢᠯ ᠤᠲᠠᠰᠤᠨ ᠤ ᠠᠯᠪᠠᠨ ᠬᠡᠷ ᠤᠨ ᠬᠠᠷᠢᠭᠤᠴᠠᠯᠭᠠᠲᠠᠨ ᠵᠡᠷᠭᠡ ᠶᠢ ᠤᠷᠢᠵᠤ ᠬᠢᠴᠢᠶᠡᠯ ᠣᠷᠣᠭᠤᠯᠵᠤ᠂ ᠠᠵᠢᠯᠲᠠᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠬᠦᠷᠢᠶᠡᠨ ᠳᠠᠬᠢ ᠬᠠᠤᠯᠢ ᠴᠠᠭᠠᠵᠠ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠶᠢᠨ ᠮᠡᠳᠡᠯᠭᠡ ᠵᠡᠷᠭᠡ ᠶᠢ ᠣᠶᠢᠯᠠᠭᠠᠬᠤ ᠪᠠ ᠬᠡᠷᠡᠭᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠡᠷᠡᠭ ᠤᠨ ᠵᠢᠱᠢᠶ᠎ᠡ ᠶᠢ ᠰᠤᠳᠤᠯᠤᠨ ᠶᠠᠷᠢᠯᠴᠠᠬᠤ ᠠᠵᠢᠯᠯᠠᠭ᠎ᠠ ᠶᠢ ᠥᠷᠨᠢᠭᠦᠯᠵᠦ᠂ ᠰᠠᠷ᠎ᠠ ᠪᠦᠷᠢ ᠨᠡᠶᠢᠲᠡᠯᠢᠭ ᠠᠵᠢᠯ ᠤᠨ ᠬᠠᠭᠤᠳᠠᠰᠤ ᠶᠢ ᠰᠣᠩᠭᠤᠨ ᠵᠠᠳᠠᠯᠤᠨ ᠶᠠᠷᠢᠯᠴᠠᠵᠤ᠂ ᠭᠦᠢᠴᠡᠳᠬᠡᠭᠰᠡᠨ ᠲᠤᠷᠰᠢᠯᠭ᠎ᠠ ᠪᠠ ᠤᠷ᠎ᠠ ᠮᠡᠷᠭᠡᠵᠢᠯ ᠢᠶᠠᠨ ᠬᠤᠪᠢᠶᠠᠯᠴᠠᠨ᠎ᠠ᠃ ᠠᠵᠢᠯᠲᠠᠳ ᠤᠨ ᠬᠠᠷᠢᠯᠴᠠᠬᠤ ᠤᠷ᠎ᠠ ᠮᠡᠷᠭᠡᠵᠢᠯ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠴᠢᠳᠠᠪᠤᠷᠢ ᠬᠢᠭᠡᠳ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠭᠦᠨ ᠤ ᠬᠠᠮᠲᠤ᠂ ᠪᠢᠲᠡᠭᠦᠦ ᠴᠠᠭᠠᠷᠢᠭ ᠤᠨ ᠠᠵᠢᠯ ᠤᠨ ᠴᠤᠪᠤᠷᠠᠯ ᠢ ᠰᠢᠯᠢᠳᠡᠭᠵᠢᠭᠦᠯᠵᠦ᠂ ᠭᠥᠯᠢᠶᠡᠨ ᠠᠪᠴᠤ ᠰᠢᠢᠳᠪᠦᠷᠢᠯᠡᠬᠦ᠂ ᠰᠢᠯᠵᠢᠭᠦᠯᠦᠨ ᠭᠦᠢᠴᠡᠳᠭᠡᠬᠦ᠂ ᠭᠦᠢᠴᠡᠳᠭᠡᠬᠦ᠂ ᠬᠠᠷᠢᠭᠤ ᠲᠤᠰᠬᠠᠬᠤ᠂ ᠬᠠᠷᠢᠭᠤ ᠰᠤᠷᠪᠤᠯᠵᠢᠯᠠᠬᠤ ᠡᠯ᠎ᠡ ᠵᠠᠩᠭᠢᠯᠠᠭ᠎ᠠ ᠶᠢᠨ ᠬᠠᠷᠢᠭᠤᠴᠠᠯᠭᠠᠲᠠᠨ ᠪᠠ ᠭᠦᠢᠴᠡᠳᠭᠡᠬᠦ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠠᠵᠢᠯ ᠤᠨ ᠬᠠᠭᠤᠳᠠᠰᠤ ᠶᠢᠨ ᠡᠷᠭᠢᠯᠲᠡ ᠶᠢᠨ ᠥᠨᠳᠥᠷ ᠪᠦᠲᠦᠮᠵᠢᠲᠡᠶ᠂ ᠰᠠᠭᠠᠳ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃      ᠬᠤᠶᠠᠷ᠂ ᠲᠤᠭ᠎ᠠ ᠪᠠᠷᠢᠮᠲᠠ ᠶᠢᠨ ᠵᠠᠳᠠᠯᠤᠯᠲᠠ ᠶᠢ ᠭᠦᠨᠵᠡᠭᠡᠶᠢᠷᠡᠭᠦᠯᠵᠦ᠂ ᠨᠠᠷᠢᠯᠢᠭ  ᠤᠨᠤᠪᠴᠢᠲᠠᠢ ᠦᠢᠯᠡᠴᠢᠯᠡᠬᠦ ᠶᠢ ᠪᠡᠶᠡᠯᠡᠭᠦᠯᠦᠨ᠎ᠡ      ᠲᠣᠮᠣ ᠳ᠋ᠠᠶᠢᠲ᠋ᠠ ᠶᠢᠨ ᠮᠡᠷᠭᠡᠵᠢᠯ ᠢ ᠠᠰᠢᠭᠯᠠᠨ᠂ ︽12345︾ ᠬᠠᠯᠠᠮᠰᠢᠯ ᠤᠲᠠᠰᠤᠨ ᠤ ᠠᠵᠢᠯ ᠤᠨ ᠬᠠᠭᠤᠳᠠᠰᠤ ᠶᠢᠨ ᠲᠤᠭ᠎ᠠ ᠪᠠᠷᠢᠮᠲᠠ ᠶᠢ ᠭᠦᠨᠵᠡᠭᠡᠶ ᠤᠶᠢᠯᠭᠠᠨ᠎ᠠ᠃ ᠣᠯᠠᠨ ᠲᠦᠮᠡᠨ ᠤ ᠲᠤᠰᠬᠠᠭᠰᠠᠨ ᠬᠠᠯᠠᠮᠰᠢᠯ ᠴᠡᠭ᠂ ᠲᠥᠪᠯᠡᠷᠡᠯ ᠤᠨ ᠴᠡᠭ᠂ ᠲᠦᠭᠵᠢᠷᠡᠯ ᠴᠡᠭ ᠤᠨ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠬᠦ ᠪᠠᠷ ᠪᠠᠷᠠᠬᠤ ᠥᠬᠡᠶ᠂ ᠵᠢᠱᠢᠶᠡᠯᠡᠪᠡᠯ ᠠᠵᠢᠯ ᠣᠯᠭᠤᠵᠤ ᠠᠳᠠᠯ ᠦᠢᠯᠡᠰ ᠴᠣᠭᠴᠠᠯᠠᠬᠤ ᠲᠥᠷᠥ ᠶᠢᠨ ᠪᠣᠳᠣᠯᠭ᠎ᠠ ᠶᠢᠨ ᠯᠠᠪᠯᠠᠯᠲᠠ᠂ ᠨᠡᠶᠢᠭᠡᠮ ᠤᠨ ᠳᠠᠭᠠᠳᠬᠠᠯ ᠤᠨ ᠬᠠᠷᠠᠭᠠᠯᠵᠠᠯ ᠢ ᠭᠤᠶᠤᠴᠢᠯᠠᠨ ᠠᠪᠬᠤ ᠬᠦᠴᠢᠷ ᠠᠰᠠᠭᠤᠳᠠᠯ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠦᠢᠯᠡᠴᠢᠯᠡᠭᠡ ᠨᠢ ᠬᠡᠷᠡᠭᠴᠡᠭᠡ ᠱᠠᠭᠠᠷᠳᠠᠯᠭ᠎ᠠ ᠠᠴᠠ ᠡᠷᠲᠡ ᠪᠠᠶᠢᠬᠤ︾ ᠣᠨᠣᠯᠵᠢᠬᠤᠨ ᠢ ᠪᠠᠷᠢᠮᠲᠠᠯᠠᠵᠤ᠂ ᠲᠤᠭ᠎ᠠ ᠪᠠᠷᠢᠮᠲᠠ ᠪᠠᠷ ᠳᠠᠮᠵᠢᠭᠤᠯᠤᠨ ᠳᠠᠯᠳᠠ ᠠᠰᠠᠭᠤᠳᠠᠯ ᠢ ᠵᠠᠳᠠᠯᠤᠨ ᠲᠥᠰᠦᠭᠡᠯᠡᠬᠦ ᠪᠠᠷ ᠳᠠᠮᠵᠢᠭᠤᠯᠤᠨ᠂ ᠠᠷᠭᠠᠴᠠᠬᠤ ᠲᠥᠰᠦᠯ ᠢ ᠤᠷᠢᠳᠴᠢᠯᠠᠨ ᠲᠣᠭᠲᠠᠭᠠᠨ᠎ᠠ᠃ ᠵᠢᠱᠢᠶᠡᠯᠡᠪᠡᠯ᠂ ᠴᠢᠬᠤᠯᠠ ᠴᠠᠭ ᠬᠤᠭᠤᠴᠠᠭᠠᠨ ᠤ ᠵᠠᠩᠭᠢᠶᠠᠰᠤ ᠪᠠ ᠠᠵᠢᠯ ᠲᠥᠷᠥᠯ ᠤᠨ ᠣᠨᠴᠠᠯᠢᠭ ᠢ ᠦᠨᠳᠦᠰᠦᠯᠡᠨ᠂ ᠭᠠᠷᠴᠤ ᠮᠡᠳᠡᠬᠦ ᠬᠥᠳᠡᠯᠮᠦᠷᠢ ᠶᠢᠨ ᠵᠢᠭᠤᠷᠠᠯᠳᠤᠭᠠᠨ ᠤ ᠲᠦᠭᠰᠢᠭᠦᠷᠢ ᠶᠢᠨ ᠴᠢᠭ ᠢ ᠲᠥᠰᠦᠭᠡᠯᠡᠵᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠ ᠵᠢᠭᠤᠷᠠᠯᠳᠤᠭᠠᠨ ᠢ ᠡᠶᠡᠳᠡᠭᠦᠯᠬᠦ ᠠᠵᠢᠯ ᠢ ᠤᠷᠢᠳᠴᠢᠯᠠᠨ ᠥᠷᠨᠢᠭᠦᠯᠦᠨ᠎ᠡ᠃ ᠡᠭᠦᠨ ᠤ ᠬᠠᠮᠲᠤ᠂ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠮᠡᠳᠡᠭᠦᠯᠦᠯᠲᠡ ᠶᠢᠨ ᠲᠦᠷᠢᠮ ᠢ ᠪᠠᠶᠢᠭᠤᠯᠵᠤ᠂ ᠭᠠᠷᠠᠭ ᠪᠦᠷᠢ ᠨᠢᠭᠡ ᠬᠤᠪᠢ ᠵᠠᠳᠠᠯᠤᠯᠲᠠ ᠶᠢᠨ ᠮᠡᠳᠡᠭᠦᠯᠦᠯᠲᠡ ᠭᠠᠷᠭᠠᠵᠤ᠂ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠤᠭ᠎ᠠ ᠪᠠᠷᠢᠮᠲᠠ ᠶᠢᠨ ᠳᠡᠮᠵᠢᠯᠭᠡ ᠬᠠᠩᠭᠠᠨ᠎ᠠ᠃      ᠭᠤᠷᠪᠠ᠂ ᠴᠤᠪᠤᠷᠠᠯ ᠬᠢᠭᠡᠳ ᠬᠢᠨᠠᠯᠲᠠ ᠲᠠᠯᠪᠢᠬᠤ ᠶᠢ ᠵᠢᠷᠤᠮᠵᠢᠭᠤᠯᠵᠤ᠂ ᠭᠦᠢᠴᠡᠳᠬᠡᠬᠦ ᠶᠠᠰᠤ ᠴᠢᠨᠠᠷ ᠢ ᠦᠨᠡᠨᠬᠦ ᠪᠠᠲᠤᠯᠠᠨ᠎ᠠ      ᠠᠩᠬ᠎ᠠ ᠬᠦᠯᠢᠶᠡᠨ ᠠᠪᠬᠤ ᠬᠠᠷᠢᠭᠤᠴᠠᠯᠭ᠎ᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠠᠩᠬᠠᠳᠠᠭᠴᠢ ᠬᠠᠯᠠᠮᠰᠢᠯ ᠤᠲᠠᠰᠤ ᠶᠢᠨ ᠠᠵᠢᠯ ᠤᠨ ᠬᠠᠭᠤᠳᠠᠰᠤ ᠶᠢ ᠬᠦᠯᠢᠶᠡᠭᠰᠡᠨ ᠠᠵᠢᠯᠲᠠᠨ ᠤ ᠪᠦᠬᠦ ᠶᠠᠪᠤᠴᠠ ᠳᠤ ᠠᠵᠢᠯ ᠤᠨ ᠬᠠᠭᠤᠳᠠᠰᠤ ᠪᠠᠨ ᠭᠦᠢᠴᠡᠳᠬᠡᠭᠰᠡᠨ ᠪᠠᠶᠢᠳᠠᠯ ᠢ ᠮᠦᠷᠳᠡᠨ᠎ᠡ᠃ ᠰᠢᠢᠳᠪᠦᠷᠢᠯᠡᠬᠦ ᠶᠠᠪᠤᠴᠠ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠳᠣᠲᠣᠭᠠᠳᠤ ᠶᠢᠨ ᠬᠢᠨᠠᠨ ᠬᠠᠷᠭᠤᠭᠤᠯᠬᠤ ᠲᠣᠭᠲᠠᠴᠠ ᠶᠢ ᠪᠠᠶᠢᠭᠤᠯᠵᠤ᠂ ᠲᠤᠰᠬᠠᠢ ᠬᠥᠮᠥᠨ ᠢᠶᠠᠷ ᠰᠢᠢᠳᠪᠦᠷᠢᠯᠡᠭᠦᠯᠦᠭᠰᠡᠨ ᠦᠷ᠎ᠡ ᠳ᠋ᠦᠩ ᠢ ᠬᠢᠨᠠᠨ ᠬᠠᠷᠭᠤᠭᠤᠯᠵᠤ᠂ ᠬᠠᠷᠢᠭᠤ ᠥᠭᠬᠦ ᠠᠭᠤᠯᠭ᠎ᠠ ᠶᠢᠨ ᠵᠥᠪ ᠣᠨᠣᠪᠴᠢᠲᠠᠢ᠂ ᠵᠢᠷᠤᠮᠵᠢᠯ ᠲᠠᠢ ᠪᠠᠶᠢᠬᠤ ᠶᠢ ᠪᠠᠲᠤᠯᠠᠨ᠎ᠠ᠃ ᠡᠭᠦᠨ ᠤ ᠬᠠᠮᠲᠤ᠂ ᠭᠠᠳᠠᠭᠠᠳᠤ ᠬᠢᠨᠠᠯᠲᠠ ᠶᠢ ᠣᠷᠣᠭᠤᠯᠤᠨ ᠠᠪᠴᠢᠷᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠠᠷᠢᠭᠤ ᠰᠤᠷᠪᠤᠯᠵᠢᠯᠠᠵᠤ᠂ ᠰᠢᠢᠳᠪᠦᠷᠢᠯᠡᠭᠰᠡᠨ ᠬᠠᠨᠤᠮᠵᠢ ᠦᠭᠡᠢ ᠠᠵᠢᠯ ᠤᠨ ᠬᠠᠭᠤᠳᠠᠰᠤ ᠶᠢ ᠲᠠᠬᠢᠨ ᠲᠠᠪᠳᠠᠨ ᠴᠡᠭᠴᠡᠯᠡᠨ ᠰᠠᠶᠢᠵᠢᠷᠠᠭᠤᠯᠤᠨ᠎ᠠ᠃ ᠡᠭᠦᠨ ᠠᠴᠠ ᠭᠠᠳᠠᠨ᠎ᠠ᠂ ᠰᠢᠯᠭᠠᠨ ᠬᠢᠨᠠᠵᠤ ᠦᠨᠡᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠬᠠᠭᠤᠳᠠᠰᠤ ᠶᠢ ᠭᠦᠢᠴᠡᠳᠬᠡᠭᠰᠡᠨ ᠪᠠᠶᠢᠳᠠᠯ ᠢ ᠠᠵᠢᠯᠲᠠᠳ ᠤᠨ ᠠᠵᠢᠯ ᠤᠨ ᠠᠮᠵᠢᠯᠲᠠ ᠪᠦᠲᠦᠮᠵᠢ ᠲᠠᠢ ᠬᠤᠯᠪᠣᠭᠳᠠᠭᠤᠯᠤᠨ᠎ᠠ᠃      ᠳᠥᠷᠪᠡ᠂ ᠰᠠᠯᠠᠭ᠎ᠠ ᠮᠥᠴᠢᠷ ᠤᠨ ᠬᠠᠮᠵᠢᠯᠴᠠᠭ᠎ᠠ ᠶᠢ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠤᠢ ᠪᠤᠯᠭᠠᠨ᠎ᠠ      ᠪᠠᠶᠢᠩᠭᠤᠵᠢᠭᠰᠠᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠤᠯᠠᠨ ᠰᠠᠯᠠᠭ᠎ᠠ ᠮᠥᠴᠢᠷ ᠲᠤ ᠬᠤᠯᠪᠣᠭᠳᠠᠬᠤ ᠪᠤᠳᠤᠯᠢᠶᠠᠨᠲᠠᠢ ᠠᠰᠠᠭᠤᠳᠠᠯ ᠳᠤ ᠴᠢᠭᠯᠡᠭᠦᠯᠦᠨ᠂ ᠰᠢᠢᠳᠪᠦᠷᠢᠯᠡᠬᠦ ᠲᠥᠰᠦᠯ ᠢ ᠬᠠᠮᠲᠤᠪᠠᠷ ᠵᠦᠪᠳᠡᠨ᠎ᠡ᠃ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠠᠪᠴᠠᠩ ᠢ ᠪᠠᠶᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠳᠠᠬᠢᠨ ᠳᠠᠪᠲᠠᠨ ᠮᠠᠲ᠋ᠧᠷᠢᠶᠠᠯ ᠬᠠᠩᠭᠠᠬᠤ ᠠᠴᠠ ᠵᠠᠶᠢᠯᠠᠰᠬᠢᠨ᠎ᠠ᠃ ᠵᠢᠱᠢᠶᠡᠯᠡᠪᠡᠯ᠂ ᠶᠡᠷᠦᠩᠬᠡᠶᠢᠯᠡᠭᠰᠡᠨ ᠠᠰᠠᠭᠤᠳᠠᠯ ᠳᠤ ᠬᠤᠯᠪᠣᠭᠳᠠᠬᠤ ᠠᠰᠠᠭᠤᠳᠠᠯ ᠢ ᠰᠢᠢᠳᠪᠦᠷᠢᠯᠡᠬᠦ ᠳᠡᠭᠡᠨ᠂ ᠡᠷᠬᠡ ᠪᠠᠨ ᠬᠠᠮᠠᠭᠠᠯᠠᠬᠤ ᠦᠢᠯᠡᠴᠢᠯᠡᠭᠡᠨ ᠤ ᠲᠥᠪ ᠬᠢᠭᠡᠳ ᠠᠵᠢᠯ ᠣᠯᠭᠤᠬᠤ ᠦᠢᠯᠡᠴᠢᠯᠡᠭᠡᠨ ᠤ ᠲᠥᠪ᠂ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠥᠪ ᠬᠠᠮᠵᠢᠯᠴᠠᠨ ᠭᠦᠢᠴᠡᠳᠬᠡᠵᠦ᠂ ᠭᠦᠢᠴᠡᠳᠬᠡᠬᠦ ᠦᠷ᠎ᠡ ᠪᠦᠲᠦᠮᠵᠢ ᠪᠠ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃      2025 ᠣᠨ ᠳᠤ᠂ ᠴᠢᠩᠱᠠᠨ ᠲᠣᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠯᠠᠪᠳᠠᠭᠤᠨ ᠪᠠᠲᠤᠲᠠᠢ ᠠᠵᠢᠯ ᠢᠶᠠᠷ᠂ 12345 ᠵᠠᠰᠠᠭ ᠤᠨ ᠣᠷᠳᠣᠨ ᠤ ᠠᠷᠠᠳ ᠲᠤ ᠲᠦᠬᠦᠮ ᠦᠵᠡᠭᠦᠯᠬᠦ ᠬᠠᠯᠠᠮᠰᠢᠯ ᠤᠲᠠᠰᠤ ᠵᠠᠰᠠᠭ ᠤᠨ ᠣᠷᠳᠣᠨ ᠪᠣᠯᠤᠨ ᠤᠯᠠᠨ ᠲᠦᠮᠡᠨ ᠤ ︽ᠰᠡᠳᠬᠢᠯ ᠤᠨ ᠬᠤᠯᠪᠤᠭᠠᠰᠤ︾᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ︽ᠰᠢᠯᠭᠠᠭᠤᠷ︾᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ︽ᠲᠦᠯᠬᠢᠭᠴᠢ︾ ᠪᠣᠯᠬᠤ ᠶᠢ ᠪᠡᠶᠡᠯᠡᠭᠦᠯᠵᠦ᠂ ᠴᠢᠩᠱᠠᠨ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠠᠯᠳᠠᠨ ᠦᠰᠦᠭᠲᠦ ᠫᠠᠶᠢᠰᠠ ᠶᠢ ᠲᠠᠰᠤᠷᠠᠯᠳᠠ ᠦᠭᠡᠢ ᠠᠷᠴᠢᠵᠤ᠂ ᠣᠷᠣᠨ ᠪᠦᠰᠡ ᠶᠢᠨ ᠡᠶ᠎ᠡ ᠵᠣᠬᠢᠴᠠᠩᠭᠤᠢ ᠲᠣᠭᠲᠠᠭᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠣᠯᠤᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号