ᠴᠢᠩᠱᠠᠨ ᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠴᠠᠭᠠᠨ ᠰᠠᠷ᠎ᠠ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢᠶᠠᠨ ᠶᠠᠪᠤᠭᠳᠠᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/2/5
      ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠠᠶᠢᠬᠤ ᠶᠢ ᠪᠠᠲᠤᠯᠠᠵᠤ᠂ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡᠨ ᠤ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠢᠨᠠᠯᠲᠠ ᠬᠠᠮᠢᠶᠠᠷᠤᠯᠲᠠ ᠲᠠᠰᠤᠷᠠᠬᠤ ᠦᠭᠡᠢ᠂ ᠦᠢᠯᠡᠴᠢᠯᠡᠭᠡ ᠡᠭᠦᠳᠡ ᠪᠠᠨ ᠬᠠᠭᠠᠬᠤ ᠦᠭᠡᠢ︾ ᠪᠠᠶᠢᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠦᠷᠭᠦᠯᠵᠢᠯᠡᠨ ᠥᠷᠨᠢᠭᠦᠯᠵᠦ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠠᠬ᠎ᠠ ᠳᠡᠯᠭᠡᠭᠦᠷ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠶᠢᠨ ᠠᠮᠠᠷᠠᠯᠲᠠ ᠶᠢ ᠥᠩᠭᠡᠷᠡᠭᠦᠯᠬᠦ ᠶᠢ ᠪᠠᠲᠤᠯᠠᠪᠠ᠃     ᠢᠳᠡᠭᠡᠨ ᠤ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠲᠣᠮᠣ ᠬᠡᠯᠪᠡᠷᠢ ᠶᠢᠨ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠢᠳᠡᠭᠡᠨ ᠤᠮᠳᠠᠭᠠᠨ ᠤ ᠨᠢᠭᠡᠴᠢ ᠵᠡᠷᠭᠡ ᠪᠠᠷ ᠭᠤᠤᠯᠳᠠᠯᠭ᠎ᠠ ᠲᠠᠢ ᠲᠠᠯᠠᠪᠤᠷ ᠭᠠᠵᠠᠷ ᠪᠣᠯᠭᠠᠵᠤ᠂ ᠪᠠᠶᠠᠷ ᠤᠨ ᠡᠳᠦᠷ ᠤᠨ ᠪᠣᠷᠣᠯᠠᠭᠤᠯᠭ᠎ᠠ ᠰᠠᠶᠢᠲᠠᠶ ᠮᠢᠬᠠᠨ ᠤ ᠪᠦᠲᠦᠭᠡᠭᠳᠡᠬᠦᠨ᠂ ᠴᠠᠭᠠᠨ ᠢᠳᠡᠭᠡᠨ᠂ ᠠᠷᠢᠬᠢᠨ ᠤ ᠵᠦᠢᠯ᠂ ᠤᠮᠳᠠᠭᠠᠨ ᠵᠡᠷᠭᠡ ᠪᠠᠷ ᠭᠤᠤᠯᠳᠠᠯᠭ᠎ᠠ ᠲᠠᠢ ᠲᠥᠷᠥᠯ‌ᠵᠦ᠋ᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠪᠠᠷᠠᠭ᠎ᠠ ᠣᠷᠣᠭᠤᠯᠬᠤ ᠶᠢ ᠪᠠᠶᠢᠴᠠᠭᠠᠨ ᠰᠢᠯᠭᠠᠬᠤ᠂ ᠭᠡᠷᠡᠴᠢ ᠪᠠᠷᠢᠮᠲᠠ ᠠᠪᠬᠤ᠂ ᠢᠳᠡᠭᠡᠨ ᠬᠠᠳᠠᠭᠠᠯᠠᠬᠤ ᠵᠡᠷᠭᠡ ᠭᠤᠭᠴᠤᠭ᠎ᠠ ᠶᠢ ᠴᠢᠩᠭ᠎ᠠ ᠪᠠᠶᠢᠴᠠᠭᠠᠵᠤ᠂ ᠬᠤᠭᠤᠴᠠᠭ᠎ᠠ ᠨᠢ ᠥᠩᠭᠡᠷᠡᠭᠡᠳ ᠴᠢᠨᠠᠷ ᠬᠤᠪᠢᠷᠠᠭᠰᠠᠨ᠂ ᠬᠠᠭᠤᠷᠮᠠᠭ ᠮᠠᠭᠤ ᠢᠳᠡᠭᠡᠨ ᠢ ᠪᠣᠷᠣᠯᠠᠭᠤᠯᠬᠤ ᠵᠡᠷᠭᠡ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠠᠷᠠᠳ ᠣᠯᠠᠨ ᠤ ᠰᠠᠨᠠᠭ᠎ᠠ ᠠᠮᠤᠷ ᠢᠳᠡᠬᠦ ᠶᠢ ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠡᠯ᠎ᠡ ᠲᠥᠷᠥᠯ ᠤᠨ ᠡᠵᠡᠩᠨᠡᠯᠲᠡ ᠶᠢᠨ ᠭᠤᠤᠯ ᠴᠣᠭᠴᠠ ᠶᠢ ᠨᠡᠶᠢᠲᠡ 173 ᠡᠷᠦᠬᠡ ᠤᠳᠠᠭ᠎ᠠ ᠪᠠᠶᠢᠴᠠᠭᠠᠵᠤ᠂ ᠬᠤᠳᠠᠯᠳᠤᠭᠠᠨ ᠤ ᠬᠡᠲᠦ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ 32 ᠤᠳᠠᠭ᠎ᠠ ᠪᠠᠶᠢᠴᠠᠭᠠᠵᠤ᠂ ᠢᠯᠡᠷᠡᠭᠦᠯᠦᠭᠰᠡᠨ ᠢᠳᠡᠭᠡᠨ ᠤ ᠠᠮᠤᠷ ᠲᠦᠪᠰᠢᠨ ᠤ ᠳᠠᠯᠳᠠ ᠬᠡᠮ ᠨᠢ ᠴᠥᠮ ᠲᠤᠬᠠᠶ ᠶᠢᠨ ᠲᠠᠯᠠᠪᠤᠷ ᠲᠤ ᠴᠡᠭᠴᠡᠯᠡᠨ ᠰᠠᠶᠢᠵᠢᠷᠠᠭᠤᠯᠬᠤ ᠶᠢ ᠱᠠᠭᠠᠷᠳᠠᠪᠠ᠃      ᠠᠷᠠᠳ ᠤᠨ ᠠᠮᠢᠳᠤᠷᠠᠯ ᠤᠨ ᠲᠠᠸᠠᠷ ᠤᠨ ᠦᠨ᠎ᠡ ᠬᠠᠩᠰᠢ ᠶᠢᠨ ᠬᠢᠨᠠᠨ ᠬᠡᠮᠵᠢᠯᠲᠡ ᠶᠢ ᠴᠢᠩᠭᠠᠳᠬᠠᠵᠤ᠂ ᠪᠠᠷᠠᠭᠠᠨ ᠤ ᠦᠨ᠎ᠡ ᠶᠢ ᠲᠦᠷᠭᠢᠯᠳᠦᠨ ᠥᠰᠬᠡᠬᠦ᠂ ᠪᠣᠷᠣᠯᠠᠭᠤᠯᠭ᠎ᠠ ᠶᠢ ᠬᠤᠳᠠᠯ ᠬᠠᠭᠤᠷᠮᠠᠭ ᠢᠶᠠᠷ ᠠᠬᠢᠭᠤᠯᠬᠤ ᠵᠡᠷᠭᠡ ᠠᠵᠢᠯᠯᠠᠭ᠎ᠠ ᠶᠢ ᠴᠢᠩᠭ᠎ᠠ ᠪᠠᠶᠢᠴᠠᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ 1 ᠪᠠᠶᠢᠴᠠᠭᠠᠵᠤ᠂ ︽ᠴᠠᠭᠠᠨ ᠰᠠᠷ᠎ᠠ ᠶᠢᠨ ᠬᠤᠭᠤᠴᠠᠭᠠᠨ ᠳᠠᠬᠢ ᠨᠥᠬᠡᠨ ᠠᠴᠠ ᠵᠠᠶᠢᠯᠠᠬᠤ ᠵᠦᠭᠯᠡᠭᠦᠷ︾᠎ ᠢ 1 ᠬᠤᠭᠤᠴᠠᠭ᠎ᠠ ᠨᠡᠶᠢᠲᠡᠯᠡᠪᠡ᠃      ᠬᠠᠷᠢᠶ᠎ᠠ ᠣᠷᠣᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠳᠠᠯᠳᠤᠭᠠᠨ ᠤ ᠳᠡᠯᠭᠡᠭᠦᠷ ᠬᠡᠲᠦ ᠳᠡᠯᠭᠡᠭᠦᠷ ᠵᠢᠴᠢ ᠲᠣᠰᠣ ᠨᠡᠮᠡᠬᠦ ᠥᠷᠲᠡᠭᠡ ᠳᠤ ᠬᠡᠮᠵᠢᠯᠲᠡ ᠶᠢᠨ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠵᠦ᠂ ᠬᠠᠷᠢᠶ᠎ᠠ ᠣᠷᠣᠨ ᠤ 11 ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠴᠠᠭᠠᠵᠤ᠂ ᠬᠡᠮᠵᠢᠯᠲᠡ ᠶᠢᠨ ᠪᠠᠭᠠᠵᠢ ᠬᠡᠷᠡᠭᠰᠡᠯ ᠢ 500 ᠭᠠᠷᠤᠶ ᠪᠠᠶᠢᠴᠠᠭᠠᠵᠤ᠂ ᠡᠯᠧᠺᠲᠷᠤᠨ ᠤ ᠦᠨ᠎ᠡ ᠪᠤᠳᠤᠬᠤ ᠵᠢᠩᠯᠡᠭᠦᠷ ᠨᠢ ᠲᠣᠭᠲᠠᠭᠠᠯ ᠶᠣᠰᠣᠭᠠᠷ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠲᠣᠭᠲᠠᠭᠠᠭᠰᠠᠨ ᠥᠬᠡᠶ ᠪᠠᠶᠢᠬᠤ ᠶᠢ ᠣᠯᠵᠤ ᠮᠡᠳᠡᠪᠡᠯ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠡᠵᠡᠩᠨᠡᠭᠴᠢ ᠶᠢ ᠵᠠᠷᠯᠢᠭᠳᠠᠵᠤ ᠪᠠᠶᠢᠭᠠᠳ ᠬᠡᠷᠡᠭᠯᠡᠬᠦ ᠶᠢ ᠵᠣᠭᠰᠣᠭᠠᠬᠤ ᠶᠢᠨ ᠬᠠᠮᠲᠤ ᠡᠵᠡᠩᠨᠡᠭᠴᠢ ᠶᠢ ᠵᠢᠯᠣᠭᠤᠳᠤᠨ ᠰᠢᠮᠳᠠᠭᠤᠯᠵᠤ ᠪᠠᠶᠢᠭᠠᠳ ᠰᠦᠯᠵᠢᠶᠡᠨ ᠳᠡᠭᠡᠷ᠎ᠡ ᠰᠢᠯᠭᠠᠨ ᠲᠣᠭᠲᠠᠭᠠᠯᠭᠠᠬᠤ ᠪᠠᠷ ᠭᠤᠶᠤᠴᠢᠯᠠᠭᠤᠯᠪᠠ᠃      ᠴᠠᠭᠠᠨ ᠰᠠᠷ᠎ᠠ ᠶᠢᠨ ᠬᠤᠭᠤᠴᠠᠭᠠᠨ ᠳᠠᠬᠢ ︽ᠬᠤᠶᠠᠷ ᠦᠢᠯᠡᠳᠬᠦᠨ ᠨᠢᠭᠡ ᠪᠠᠭᠠᠵᠢ︾᠎ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠲᠤᠭᠤᠷᠢᠭ ᠤᠨ ᠠᠷᠠᠳ ᠣᠯᠠᠨ ᠤ ᠡᠮ ᠬᠡᠷᠡᠭᠯᠡᠬᠦ ᠪᠠᠭᠠᠵᠢ ᠬᠡᠷᠡᠭᠰᠡᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠴᠢᠩᠭ᠎ᠠ ᠰᠠᠬᠢᠪᠠ᠃ ᠣᠲᠣ ᠪᠣᠯᠲᠠᠯ᠎ᠠ᠂ 57 ᠡᠮ ᠤᠨ ᠵᠦᠢᠯ ᠤᠨ ᠡᠵᠡᠩᠨᠡᠯᠲᠡ ᠶᠢᠨ  ᠨᠢᠭᠡᠴᠢ ᠶᠢ ᠪᠠᠶᠢᠴᠠᠭᠠᠵᠤ᠂ ᠡᠮᠴᠢᠯᠡᠭᠡᠨ ᠤ ᠪᠠᠭᠠᠵᠢ ᠬᠡᠷᠡᠭᠰᠡᠯ᠂ ᠵᠠᠰᠠᠯ ᠴᠢᠮᠡᠭ ᠤᠨ ᠡᠳ᠋ ᠤᠨ ᠡᠵᠡᠩᠨᠡᠯᠲᠡ ᠶᠢᠨ ᠨᠢᠭᠡᠴᠢ ᠶᠢ 15 ᠤᠳᠠᠭ᠎ᠠ ᠪᠠᠶᠢᠴᠠᠭᠠᠪᠠ᠃      ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠠᠮᠤᠷ ᠲᠦᠪᠰᠢᠨ ᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠬᠤᠳᠠᠯᠳᠤᠭᠠᠨ ᠤ ᠲᠠᠯᠠᠪᠤᠷ᠂ ᠬᠡᠲᠦ ᠳᠡᠯᠭᠡᠭᠦᠷ᠂ ᠪᠠᠭᠤᠳᠠᠯ ᠵᠡᠷᠭᠡ ᠬᠥᠮᠦᠨ ᠣᠯᠠᠨ ᠴᠤᠭᠯᠠᠷᠠᠬᠤ ᠭᠠᠵᠠᠷ ᠲᠠᠯᠠᠪᠤᠷ ᠲᠤ ᠬᠡᠷᠡᠭᠯᠡᠬᠦ ᠴᠠᠬᠢᠯᠭᠠᠨ ᠱᠠᠲᠤ ᠵᠡᠷᠭᠡ ᠣᠨᠴᠠ ᠲᠥᠷᠥᠯ ᠤᠨ ᠲᠣᠨᠤᠭ ᠲᠥᠬᠦᠭᠡᠷᠦᠮᠵᠢ ᠳᠤ ᠠᠮᠤᠷ ᠲᠦᠪᠰᠢᠨ ᠤ ᠪᠠᠶᠢᠴᠠᠭᠠᠯᠲᠠ ᠬᠢᠵᠦ᠂ ᠬᠡᠷᠡᠭᠯᠡᠬᠦ ᠨᠢᠭᠡᠴᠢ ᠶᠢ ᠰᠢᠮᠳᠠᠭᠤᠯᠵᠤ ᠪᠠᠶᠢᠭᠠᠳ ᠠᠮᠤᠷ ᠲᠦᠪᠰᠢᠨ ᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢ ᠴᠢᠩᠭᠠᠳᠬᠠᠵᠤ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ᠃ ᠣᠳᠣᠬᠠᠨ ᠪᠣᠯᠲᠠᠯ᠎ᠠ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢ ᠬᠡᠷᠡᠭᠯᠡᠬᠦ ᠨᠢᠭᠡᠴᠢ ᠶᠢ 16 ᠤᠳᠠᠭ᠎ᠠ ᠪᠠᠶᠢᠴᠠᠭᠠᠵᠤ᠂ 2 ᠭᠠᠵᠠᠷ ᠤᠨ ᠠᠮᠤᠷ ᠲᠦᠪᠰᠢᠨ ᠤ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠪᠠ᠃      ᠪᠠᠶᠠᠷ ᠤᠨ ᠡᠳᠦᠷ ᠤᠨ ᠬᠤᠭᠤᠴᠠᠭᠠᠨ ᠳᠤ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ 24 ᠴᠠᠭ ᠢᠶᠠᠷ ᠵᠢᠵᠢᠭᠦᠷᠯᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ 12315 ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠵᠦ᠂ ᠬᠡᠷᠡᠭᠯᠡᠭᠴᠢᠳ ᠤᠨ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠴᠠᠭ ᠲᠤᠬᠠᠶ ᠳᠤᠨᠢ ᠭᠥᠯᠢᠶᠡᠨ ᠠᠪᠴᠤ ᠰᠢᠢᠳᠪᠦᠷᠢᠯᠡᠨ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠪᠠᠶᠢᠬᠤ ᠶᠢ ᠪᠥᠬᠦ ᠬᠦᠴᠦᠨ ᠢᠶᠠᠷ ᠢᠶᠠᠨ ᠪᠠᠲᠤᠯᠠᠪᠠ᠃    
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号