ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠬᠢᠨᠠᠨ ᠪᠤᠳᠤᠬᠤ ᠲᠣᠪᠴᠢᠶ᠎ᠠ ᠲᠤᠭᠤᠷᠢᠭ ᠤᠨ ᠨᠠᠮ ᠤᠨ | ᠬᠤᠷᠢᠶ᠎ᠠ ᠲᠤᠭᠤᠷᠢᠭ ᠤᠨ ᠵᠠᠰᠠᠭ ᠤᠨ ᠤᠷᠳᠤᠨ ᠤ ᠭᠤᠤᠯ ᠠᠵᠢᠯ ᠪᠠ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠲᠥᠷᠥ ᠶᠢᠨ ᠪᠣᠳᠣᠯᠭ᠎ᠠ ᠪᠠᠷ ᠬᠥᠲᠥᠯᠦᠨ ᠵᠢᠯᠣᠭᠤᠳᠬᠤ ᠪᠠᠨ | ᠴᠢᠩᠭᠠᠳᠬᠠᠵᠤ᠂ ᠠᠵᠤ ᠠᠬᠤᠶ ᠶᠢᠨ ᠬᠢᠨᠠᠯᠲᠠ ᠲᠠᠯᠪᠢᠬᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠡᠳ᠋ ᠤᠨ ᠵᠠᠰᠠᠭ | ᠡᠳ᠋ ᠤᠨ ᠶᠠᠪᠤᠳᠠᠯ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ ᠭᠤᠤᠯ ᠬᠠᠷᠢᠭᠤᠴᠠᠯᠭ᠎ᠠ ᠭᠤᠤᠯ ᠠᠵᠢᠯ ᠳᠤ | ᠠᠩᠬᠠᠷᠤᠯ ᠢᠶᠠᠨ ᠲᠥᠪᠯᠡᠷᠡᠭᠦᠯᠵᠦ᠂ ᠰᠤᠳᠤᠯᠬᠤ ᠬᠡᠯᠪᠡᠷᠢ ᠶᠢᠨ ᠬᠢᠨᠠᠨ ᠪᠤᠳᠤᠬᠤ ᠰᠡᠳᠬᠢᠬᠦᠶ ᠶᠢ ᠪᠠᠷᠢᠮᠲᠠᠯᠠᠨ᠂ | ᠠᠵᠢᠯ ᠤᠨ ᠠᠷᠭ᠎ᠠ ᠪᠠ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠤᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ | ᠴᠢᠨᠠᠷ ᠰᠠᠶᠢᠲᠠᠶ ᠬᠢᠨᠠᠨ ᠪᠤᠳᠤᠯᠲᠠ ᠪᠠᠷ ᠴᠢᠩᠱᠠᠨ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠬᠦᠴᠦᠨ ᠨᠡᠮᠡᠷᠢᠯᠡᠨ᠎ᠡ᠃ | ᠨᠢᠭᠡ ᠳᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠳᠠᠭᠠᠭᠤᠯᠵᠤ᠂ ᠬᠢᠨᠠᠨ ᠪᠤᠳᠤᠬᠤ ᠬᠢᠨᠠᠯᠲᠠ ᠶᠢᠨ ︽ᠴᠢᠭᠯᠡᠯ︾ | ᠢ ᠪᠠᠲᠤ ᠡᠵᠡᠮᠳᠡᠨ᠎ᠡ᠃ ᠴᠢᠩᠱᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯᠳᠠᠯᠭ᠎ᠠ ᠲᠠᠢ ᠡᠭᠦᠷᠭᠡ ᠳᠤ | ᠠᠩᠬᠠᠷᠤᠯ ᠢᠶᠠᠨ ᠲᠥᠪᠯᠡᠷᠡᠭᠦᠯᠵᠦ᠂ ︽ᠤᠯᠤᠰ ᠲᠥᠷᠥ — ᠲᠥᠷᠥ ᠶᠢᠨ ᠪᠣᠳᠣᠯᠭ᠎ᠠ — ᠲᠥᠷᠥᠯ ᠵᠦᠢᠯ — ᠪᠠᠯᠠ | ᠮᠥᠩᠭᠦ︾ ᠶᠢᠨ ᠭᠤᠤᠯ ᠱᠤᠭᠤᠮ ᠢᠶᠠᠷ ᠡᠳ᠋ ᠤᠨ ᠵᠠᠰᠠᠭ ᠤᠨ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠪᠠᠲᠤᠯᠠᠬᠤ᠂ ᠡᠳ᠋ ᠤᠨ | ᠵᠠᠰᠠᠭ ᠤᠨ ᠪᠠᠯᠠ ᠮᠥᠩᠭᠦ ᠶᠢᠨ ᠬᠠᠮᠢᠶᠠᠷᠤᠯᠲᠠ ᠬᠡᠷᠡᠭᠯᠡᠯᠲᠡ ᠵᠢᠴᠢ ᠠᠵᠢᠯ ᠤᠨ ᠠᠮᠵᠢᠯᠲᠠ ᠪᠦᠲᠦᠮᠵᠢ ᠶᠢᠨ ᠪᠠᠶᠢᠳᠠᠯ ᠢ | ᠬᠢᠨᠠᠨ ᠪᠤᠳᠤᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠤᠨ᠎ᠠ᠃ ᠴᠢᠩᠱᠠᠨ ᠤ ᠪᠣᠳᠠᠲᠤ ᠪᠠᠶᠢᠳᠠᠯ ᠲᠠᠢ | ᠤᠶᠠᠯᠳᠤᠭᠤᠯᠤᠨ᠂ ᠵᠢᠵᠢᠭ ᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠢᠨᠠᠨ ᠪᠣᠳᠣᠬᠤ | ᠠᠵᠢᠯ ᠢ ᠥᠷᠨᠢᠭᠦᠯᠵᠦ᠂ ᠲᠥᠷᠥᠯ ᠵᠦᠢᠯ ᠤᠨ ᠥᠭᠡᠷᠡᠴᠢᠯᠡᠯᠲᠡ ᠪᠦᠲᠦᠭᠡᠨ ᠪᠠᠶᠢᠭᠤᠯᠤᠯᠲᠠ ᠪᠠ ᠬᠠᠮᠢᠶᠠᠷᠤᠯᠲᠠ ᠶᠢᠨ | ᠪᠠᠶᠢᠳᠠᠯ ᠢ ᠠᠩᠬᠠᠷᠴᠤ᠂ ᠪᠡᠯᠡ ᠮᠥᠩᠭᠦ ᠶᠢᠨ ᠬᠡᠷᠡᠭᠯᠡᠯᠲᠡ ᠪᠠ ᠠᠮᠵᠢᠯᠲᠠ ᠪᠦᠲᠦᠮᠵᠢ ᠳᠤ ᠠᠩᠬᠠᠷᠤᠯ ᠢᠶᠠᠨ | ᠲᠥᠪᠯᠡᠷᠡᠭᠦᠯᠵᠦ᠂ ᠬᠤᠲᠠ ᠪᠠᠯᠭᠠᠰᠤᠨ ᠤ ᠵᠢᠵᠢᠭᠬᠠᠭᠤᠴᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠠᠩᠬᠠᠷᠪᠠ᠃ ᠬᠢᠨᠠᠨ ᠪᠤᠳᠤᠬᠤ ᠬᠢᠨᠠᠯᠲᠠ ᠲᠠᠯᠪᠢᠵᠤ | ᠪᠠᠲᠤᠯᠠᠬᠤ ᠴᠢᠩᠭ᠎ᠠ ᠬᠦᠴᠦᠲᠡᠶ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠦᠯᠲᠡ ᠪᠠᠷ᠂ ᠠᠵᠤ ᠠᠬᠤᠶ ᠶᠢ | ᠲᠣᠭᠲᠠᠪᠤᠷᠢᠵᠢᠭᠤᠯᠬᠤ᠂ ᠬᠥᠭᠵᠢᠯᠲᠡ ᠶᠢ ᠠᠬᠢᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ | ᠲᠦᠭᠰᠢᠭᠦᠷᠢ ᠶᠢ ᠰᠡᠷᠭᠡᠶᠢᠯᠡᠬᠦ ᠳᠤ ᠦᠢᠯᠡᠴᠢᠯᠡᠵᠦ᠂ ᠥᠭᠡᠷᠡᠴᠢᠯᠡᠯᠲᠡ ᠶᠢᠨ ᠦᠷ᠎ᠡ ᠪᠦᠲᠦᠭᠡᠯ ᠤᠨ ᠦᠷ᠎ᠡ ᠪᠦᠲᠦᠮᠵᠢ ᠶᠢ | ᠦᠷᠭᠦᠯᠵᠢᠯᠡᠨ ᠪᠠᠳᠠᠷᠠᠭᠤᠯᠬᠤ ᠶᠢ ᠪᠠᠲᠤᠯᠠᠵᠤ᠂ ᠣᠯᠠᠨ ᠲᠦᠮᠡᠨ ᠤ ᠠᠰᠢᠭ ᠲᠤᠰᠠ ᠶᠢ ᠦᠨᠡᠨ ᠬᠦ ᠬᠠᠮᠠᠭᠠᠯᠠᠪᠠ᠃ | ᠬᠤᠶᠠᠷ ᠲᠤ᠂ ᠲᠤᠭ᠎ᠠ ᠪᠠᠷᠢᠮᠲᠠ ᠶᠢ ᠤᠷᠢᠳᠠᠪᠠᠷ ᠬᠡᠷᠡᠭᠵᠢᠭᠦᠯᠵᠦ᠂ ᠮᠡᠳᠡᠭᠡ ᠵᠠᠩᠭᠢᠵᠢᠯᠲᠠ ᠶᠢᠨ ᠬᠢᠨᠠᠨ | ᠪᠣᠳᠣᠯᠲᠠ ᠶᠢᠨ ︽ᠠᠬᠢᠭᠤᠯᠤᠭᠴᠢ︾ ᠶᠢ ᠰᠠᠶᠢᠲᠤᠷ ᠬᠡᠷᠡᠭᠯᠡᠨ᠎ᠡ᠃ ᠲᠤᠬᠠᠶᠢᠯᠠᠭᠰᠠᠨ ᠠᠵᠢᠯ ᠤᠨ ᠣᠨᠴᠠᠯᠢᠭ ᠪᠠ ᠬᠢᠨᠠᠨ | ᠪᠤᠳᠤᠬᠤ ᠦᠢᠯᠡᠳᠦᠯᠭᠡ ᠳᠤ ᠰᠠᠭᠤᠷᠢᠯᠠᠵᠤ᠂ ᠬᠡᠷᠡᠭᠯᠡᠬᠦ ᠪᠠᠷ ᠦᠨᠳᠦᠰᠦ ᠪᠣᠯᠭᠠᠨ ᠲᠤᠭ᠎ᠠ ᠪᠠᠷᠢᠮᠲᠠ ᠶᠢᠨ ᠵᠠᠰᠠᠯᠲᠠ ᠶᠢ | ᠰᠠᠶᠢᠲᠤᠷ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢ ᠣᠯᠭᠤᠬᠤ ᠶᠢ ᠬᠦᠴᠦᠯᠡᠨ | ᠴᠢᠩᠭᠠᠳᠬᠠᠨ᠎ᠠ᠃ ᠬᠢᠨᠠᠬᠤ ᠠᠴᠠ ᠡᠮᠦᠨᠡᠬᠢ ᠪᠠᠶᠢᠴᠠᠭᠠᠯᠲᠠ ᠶᠢ ᠴᠢᠩᠭᠠᠳᠬᠠᠵᠤ᠂ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠴᠤᠭᠯᠠᠭᠤᠯᠵᠤ᠂ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠵᠤ᠂ ︽ᠲᠤᠭ᠎ᠠ ᠪᠠᠷᠢᠮᠲᠠ ᠶᠢ ᠵᠠᠳᠠᠯᠬᠤ | ᠲᠤᠬᠠᠶ ᠶᠢᠨ ᠲᠠᠯᠠᠪᠠᠶ ᠳᠤ ᠬᠠᠷᠭᠤᠭᠤᠯᠤᠨ ᠪᠠᠶᠢᠴᠠᠭᠠᠬᠤ︾ ᠬᠢᠨᠠᠨ ᠪᠤᠳᠤᠬᠤ ᠵᠣᠬᠢᠶᠠᠨ ᠪᠠᠶᠢᠭᠤᠯᠬᠤ ᠠᠷᠭ᠎ᠠ ᠮᠠᠶ᠋ᠢᠭ ᠢ | ᠤᠯᠠᠮ ᠨᠢᠭᠡ ᠠᠯᠬᠤᠮ ᠬᠡᠷᠡᠭᠵᠢᠭᠦᠯᠦᠨ᠎ᠡ᠃ ᠬᠢᠲᠠᠳ ᠡᠮᠨᠡᠯᠭᠡ ᠶᠢᠨ ᠬᠤᠷᠢᠶ᠎ᠠ᠂ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠬᠢᠨᠠᠨ ᠪᠣᠳᠣᠬᠤ ᠲᠥᠷᠥᠯ ᠵᠦᠢᠯ ᠳᠤ ᠺᠣᠮᠫᠢᠦ᠋ᠲ᠋ᠧᠷ ᠤᠨ ᠦᠭᠡ ᠬᠡᠯᠡ ᠪᠠᠷ ᠳᠠᠮᠵᠢᠭᠤᠯᠤᠨ ᠲᠤᠭ᠎ᠠ | ᠪᠠᠷᠢᠮᠲᠠ ᠳᠤ ᠤᠷᠢᠳᠴᠢᠯᠠᠨ ᠰᠢᠢᠳᠪᠦᠷᠢᠯᠡᠬᠦ ᠠᠵᠢᠯ ᠬᠢᠵᠦ᠂ ᠪᠥᠭᠡᠮ ᠬᠡᠮᠵᠢᠶ᠎ᠡ ᠪᠠᠷ ᠬᠠᠮᠢᠶ᠎ᠠ ᠥᠬᠡᠶ ᠲᠤᠭ᠎ᠠ | ᠪᠠᠷᠢᠮᠲᠠ ᠶᠢ ᠢᠯᠭᠠᠨ ᠭᠠᠷᠭᠠᠵᠤ᠂ ᠲᠤᠭ᠎ᠠ ᠪᠠᠷᠢᠮᠲᠠ ᠶᠢᠨ ᠬᠥᠮᠥᠷᠭᠡ ᠶᠢᠨ ᠬᠦᠰᠦᠨᠦᠭᠲᠦ ᠶᠢ ᠲᠦᠷᠭᠡᠨ ᠡᠮᠬᠢᠯᠡᠵᠦ᠂ | MySQL ᠵᠡᠷᠭᠡ ᠲᠤᠭ᠎ᠠ ᠪᠠᠷᠢᠮᠲᠠ ᠶᠢᠨ ᠬᠥᠮᠥᠷᠭᠡ ᠶᠢᠨ ᠵᠠᠳᠠᠯᠤᠯᠲᠠ ᠶᠢᠨ ᠪᠠᠭᠠᠵᠢ ᠶᠢ ᠠᠰᠢᠭᠯᠠᠨ ᠣᠯᠠᠨ | ᠬᠦᠰᠦᠨᠦᠭᠲᠦ ᠶᠢᠨ ᠰᠣᠯᠪᠢᠴᠠᠨ ᠪᠠᠶᠢᠴᠠᠭᠠᠨ ᠯᠠᠪᠯᠠᠵᠤ᠂ ᠶᠡᠭᠡ ᠬᠡᠮᠵᠢᠶᠡᠨ ᠤ ᠲᠤᠭ᠎ᠠ ᠪᠠᠷᠢᠮᠲᠠ ᠶᠢ ᠭᠦᠨᠵᠡᠭᠡᠶ ᠵᠠᠳᠠᠯᠵᠤ᠂ | ᠲᠤᠭ᠎ᠠ ᠪᠠᠷᠢᠮᠲᠠ ᠶᠢᠨ ᠣᠨᠴᠠᠯᠢᠭ ᠢ ᠠᠭᠤᠳᠠᠯᠤᠨ᠂ ᠲᠤᠭ᠎ᠠ ᠪᠠᠷᠢᠮᠲᠠ ᠶᠢᠨ ᠰᠡᠵᠢᠭ ᠢ ᠡᠷᠢᠵᠦ᠂ ᠬᠢᠨᠠᠨ ᠪᠤᠳᠤᠬᠤ | ᠴᠢᠭᠯᠡᠯ ᠢ ᠲᠣᠳᠣᠷᠬᠠᠶᠢᠯᠠᠨ᠂ ᠠᠰᠠᠭᠤᠳᠠᠯ ᠤᠨ ᠰᠦᠪᠡᠭᠴᠢ ᠶᠢ ᠭᠦᠨᠵᠡᠭᠡᠶ ᠠᠭᠤᠳᠠᠯᠵᠤ᠂ ᠬᠢᠨᠠᠨ ᠪᠤᠳᠤᠬᠤ ᠲᠥᠷᠥᠯ | ᠵᠦᠢᠯ ᠢ ᠥᠨᠳᠥᠷ ᠪᠦᠲᠦᠮᠵᠢᠲᠡᠶ ᠪᠠᠷ ᠠᠬᠢᠭᠤᠯᠬᠤ ᠳᠤ ᠬᠦᠴᠦᠨ ᠨᠡᠮᠡᠷᠢᠯᠡᠪᠡ᠃ | ᠭᠤᠷᠪᠠ ᠳᠤ᠂ ᠶᠠᠰᠤ ᠴᠢᠨᠠᠷ ᠢ ᠳᠡᠭᠡᠭᠰᠢᠯᠡᠭᠦᠯᠬᠦ ︽ᠰᠢᠨ᠎ᠡ ᠬᠥᠳᠡᠯᠭᠡᠭᠦᠷ︾ ᠢ ᠰᠤᠳᠤᠯᠤᠨ᠎ᠠ᠃ ᠬᠢᠨᠠᠬᠤ ᠠᠴᠠ | ᠡᠮᠦᠨ᠎ᠡ ᠬᠥᠭᠦᠷᠭᠡ ᠬᠤᠯᠪᠣᠭᠠᠰᠤ ᠪᠠᠶᠢᠭᠤᠯᠤᠨ ᠵᠠᠮ ᠳᠡᠪᠢᠰᠴᠦ᠂ ᠬᠢᠨᠠᠨ ᠪᠤᠳᠤᠯᠲᠠ ᠬᠢᠯᠭᠡᠭᠰᠡᠨ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠡᠭᠦᠷᠭᠡ ᠴᠢᠳᠠᠪᠬᠢ᠂ ᠮᠡᠳᠡᠭᠡ ᠵᠠᠩᠭᠢ ᠶᠢᠨ ᠰᠢᠰᠲ᠋ᠧᠮ ᠵᠢᠴᠢ ᠲᠥᠰᠦᠪ ᠤᠨ ᠬᠠᠮᠢᠶᠠᠷᠤᠯᠲᠠ ᠶᠢᠨ | ᠪᠠᠶᠢᠳᠠᠯ ᠢ ᠪᠠᠶᠢᠴᠠᠭᠠᠨ ᠰᠤᠳᠤᠯᠵᠤ᠂ ᠲᠤᠬᠠᠶᠢᠯᠠᠭᠰᠠᠨ ᠠᠵᠢᠯ ᠤᠨ ᠬᠥᠭᠵᠢᠯᠲᠡ ᠶᠢᠨ ᠰᠢᠨ᠎ᠡ ᠴᠢᠭᠯᠡᠯ ᠢ ᠣᠶᠢᠯᠠᠭᠠᠵᠤ᠂ | ᠨᠢᠭᠡᠴᠡ ᠶᠢᠨ ᠲᠦᠭᠰᠢᠭᠦᠷᠢ ᠶᠢᠨ ᠴᠡᠭ ᠢ ᠤᠶᠢᠯᠠᠭᠠᠨ ᠵᠢᠭᠰᠠᠭᠠᠵᠤ᠂ ᠬᠢᠨᠠᠨ ᠪᠤᠳᠤᠯᠲᠠ ᠶᠢᠨ ᠪᠠᠶᠢᠷᠢᠯᠠᠭᠤᠯᠤᠯᠲᠠ ᠶᠢ | ᠰᠠᠶᠢᠲᠤᠷ ᠬᠢᠨ᠎ᠡ᠃ ᠬᠢᠨᠠᠨ ᠪᠤᠳᠤᠬᠤ ᠶᠠᠪᠤᠴᠠ ᠳᠤ ᠨᠠᠷᠢᠯᠢᠭ ᠰᠤᠳᠤᠯᠤᠨ ᠪᠠᠶᠢᠷᠢᠯᠠᠭᠤᠯᠵᠤ᠂ ᠬᠢᠨᠠᠨ ᠪᠤᠳᠤᠬᠤ | ᠠᠵᠢᠯ ᠤᠨ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ | ᠦᠨᠡᠨ ᠬᠦ ᠬᠡᠷᠡᠭᠵᠢᠭᠦᠯᠵᠦ ᠪᠣᠯᠬᠤᠶᠢᠴᠠ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠢᠨᠠᠨ ᠪᠤᠳᠤᠬᠤ ᠭᠤᠤᠯᠳᠠᠯᠭ᠎ᠠ ᠶᠢ | ᠲᠣᠳᠣᠷᠬᠠᠶᠢᠯᠠᠨ᠂ ᠬᠢᠨᠠᠨ ᠪᠤᠳᠤᠬᠤ ᠬᠠᠨᠳᠤᠯᠭᠠᠲᠤ ᠴᠢᠨᠠᠷ ᠢ ᠳᠡᠭᠡᠭᠰᠢᠯᠡᠭᠦᠯᠦᠨ᠎ᠡ᠃ ᠬᠢᠨᠠᠨ ᠪᠤᠳᠤᠯᠳᠠ ᠶᠢᠨ | ᠬᠡᠷᠡᠭᠵᠢᠭᠦᠯᠬᠦ ᠲᠥᠰᠦᠯ ᠢ ᠰᠤᠳᠤᠯᠤᠨ ᠤᠩᠰᠢᠬᠤ ᠲᠣᠭᠲᠠᠴᠠ ᠪᠠ ᠬᠢᠨᠠᠨ ᠪᠤᠳᠤᠯᠳᠠ ᠶᠢᠨ ᠮᠡᠳᠡᠭᠦᠯᠦᠯᠲᠡ ᠶᠢ ᠰᠢᠭᠦᠬᠦ | ᠲᠣᠭᠲᠠᠴᠠ ᠶᠢ ᠰᠠᠶᠢᠲᠤᠷ ᠬᠡᠷᠡᠭᠯᠡᠵᠦ᠂ ᠬᠢᠨᠠᠨ ᠪᠤᠳᠤᠯᠳᠠ ᠶᠢ ᠬᠡᠷᠡᠭᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠬᠢᠨᠠᠭᠰᠠᠨ ᠤ ᠳᠠᠷᠠᠭ᠎ᠠ ᠪᠥᠬᠦ ᠲᠠᠯ᠎ᠠ ᠪᠠᠷ ᠰᠤᠳᠤᠯᠤᠨ ᠳᠠᠬᠢᠨ ᠪᠣᠯᠪᠠᠰᠤᠷᠠᠭᠤᠯᠵᠤ᠂ ᠪᠦᠲᠦᠮᠵᠢᠲᠡᠶ ᠪᠥᠭᠡᠳ ᠪᠣᠳᠠᠲᠤ | ᠬᠡᠷᠡᠭᠴᠡᠭᠡ ᠲᠠᠢ ᠬᠢᠨᠠᠨ ᠪᠤᠳᠤᠬᠤ ᠠᠷᠭ᠎ᠠ ᠶᠢ ᠢᠳᠡᠪᠬᠢᠲᠡᠶ ᠪᠠᠷ ᠬᠤᠷᠢᠶᠠᠩᠭᠤᠶᠢᠯᠠᠨ ᠪᠣᠯᠪᠠᠰᠤᠷᠠᠭᠤᠯᠵᠤ᠂ ᠬᠢᠨᠠᠨ | ᠪᠤᠳᠤᠬᠤ ᠲᠤᠰᠬᠠᠶ ᠮᠡᠳᠡᠭᠦᠯᠦᠯᠲᠡ᠂ ᠰᠤᠳᠤᠯᠬᠤ ᠬᠡᠯᠪᠡᠷᠢ ᠶᠢᠨ ᠬᠢᠨᠠᠨ ᠪᠤᠳᠤᠭᠰᠠᠨ ᠬᠡᠷᠡᠭ ᠤᠨ ᠵᠢᠱᠢᠶ᠎ᠡ ᠵᠢᠴᠢ ᠲᠣᠮᠣ | ᠳ᠋ᠠᠶᠢᠲ᠋ᠠ ᠶᠢᠨ ᠬᠢᠨᠠᠨ ᠪᠤᠳᠤᠭᠰᠠᠨ ᠬᠡᠷᠡᠭ ᠤᠨ ᠵᠢᠱᠢᠶ᠎ᠡ ᠶᠢ ᠨᠠᠶᠢᠷᠠᠭᠤᠯᠤᠨ ᠵᠣᠬᠢᠶᠠᠵᠤ᠂ ᠬᠢᠨᠠᠨ ᠪᠤᠳᠤᠬᠤ ᠲᠥᠷᠥᠯ | ᠵᠦᠶ᠋ᠯ ᠤᠨ ᠳᠤᠮᠳᠠ ᠲᠤᠷᠰᠢᠯᠭ᠎ᠠ ᠪᠠᠨ ᠳ᠋ᠦᠩᠨᠡᠵᠦ᠂ ᠬᠦᠷᠦᠯᠴᠡᠬᠦ ᠥᠬᠡᠶ ᠲᠠᠯ᠎ᠠ ᠪᠠᠨ ᠡᠷᠢᠵᠦ᠂ ᠲᠠᠷᠠᠭᠠᠴᠢ ᠶᠢᠨ ᠬᠢᠨᠠᠨ | ᠪᠤᠳᠤᠬᠤ ᠠᠵᠢᠯ ᠤᠨ ᠰᠠᠶᠢᠨ ᠲᠠᠯ᠎ᠠ ᠶᠢ ᠨᠢ ᠠᠪᠴᠤ ᠳᠤᠲᠠᠭᠳᠠᠯ ᠲᠠᠢ ᠲᠠᠯ᠎ᠠ ᠪᠠᠨ ᠨᠥᠬᠦᠪᠥᠷᠢᠯᠡᠬᠦ ᠶᠢ ᠠᠬᠢᠭᠤᠯᠵᠤ᠂ | ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠵᠥᠪ ᠴᠢᠭᠯᠡᠯ ᠢᠶᠠᠷ ᠬᠠᠷᠢᠭᠤ ᠲᠤᠰᠬᠠᠬᠤ ᠶᠢ | ᠪᠡᠶᠡᠯᠡᠭᠦᠯᠦᠨ᠎ᠡ᠃ | | | | |