ᠬᠦᠴᠦᠷᠬᠡᠭᠵᠢᠯ ᠵᠠᠮ ᠤᠨ ᠵᠡᠭᠡᠯᠢ ᠭᠤᠳᠤᠮᠵᠢ ᠶᠢᠨ ᠶᠢᠨ ᠯᠢᠨ ᠨᠡᠶᠢᠭᠡᠮ ᠲᠣᠭᠤᠷᠢᠭ ᠤᠨ ᠬᠢᠨ ᠣᠯᠠᠨ | ᠵᠦᠢᠯ ᠤᠨ ᠬᠡᠯᠪᠡᠷᠢ ᠪᠠᠷ ᠳᠠᠮᠵᠢᠭᠤᠯᠤᠨ᠂ ᠣᠳᠣᠬᠠᠨ ᠳᠤ ᠮᠥᠨ ᠳᠠᠭᠠᠳᠬᠠᠯ ᠳᠤ ᠣᠷᠣᠯᠴᠠᠭᠰᠠᠨ ᠥᠬᠡᠶ᠂ ᠰᠦᠢᠳᠬᠡᠯ | ᠲᠤᠰᠢᠶᠠᠭᠰᠠᠨ ᠥᠬᠡᠶ ᠬᠥᠮᠦᠰ ᠲᠤ ᠳᠠᠬᠢᠨ ᠤᠬᠠᠭᠤᠯᠭ᠎ᠠ ᠬᠢᠵᠦ᠂ 2025 ᠣᠨ ᠤ ᠡᠮ ᠡᠮᠨᠡᠯᠭᠡ ᠶᠢᠨ | ᠳᠠᠭᠠᠳᠬᠠᠯ ᠤᠨ ᠬᠠᠷᠠᠭᠠᠯᠵᠠᠯ ᠢ ᠬᠡᠪ ᠤᠨ ᠶᠣᠰᠣᠭᠠᠷ ᠭᠥᠷᠳᠡᠬᠦ ᠶᠢ ᠦᠨᠡᠨ ᠬᠦ ᠪᠠᠲᠤᠯᠠᠪᠠ᠃ ᠶᠢᠨ ᠯᠢᠨ ᠨᠡᠶᠢᠭᠡᠮ | ᠲᠣᠭᠤᠷᠢᠭ ᠰᠠᠭᠤᠭᠠᠯᠢ ᠠᠷᠠᠳ ᠲᠤ ᠰᠦᠢᠳᠬᠡᠯ ᠲᠤᠰᠢᠶᠠᠬᠤ ᠶᠠᠪᠤᠴᠠ ᠶᠢᠨ ᠤᠬᠠᠭᠤᠯᠭ᠎ᠠ ᠶᠢᠨ ᠬᠠᠭᠤᠳᠠᠰᠤ | ᠲᠠᠷᠬᠠᠭᠠᠵᠤ᠂ ᠬᠠᠷᠢᠶ᠎ᠠ ᠣᠷᠣᠨ ᠤᠬᠠᠭᠤᠯᠭ᠎ᠠ ᠶᠢᠨ ᠪᠤᠯᠤᠩ ᠢᠶᠠᠷ ᠳᠠᠮᠵᠢᠭᠤᠯᠤᠨ ᠰᠦᠢᠳᠬᠡᠯ ᠲᠤᠰᠢᠶᠠᠬᠤ ᠮᠡᠳᠡᠭᠳᠡᠯ | ᠨᠠᠭᠠᠵᠤ᠂ ᠡᠯᠧᠺᠲᠷᠤᠨ ᠳᠡᠯᠭᠡᠴᠡ ᠪᠠᠷ ᠡᠷᠭᠢᠯᠳᠦᠭᠦᠯᠦᠨ ᠨᠡᠪᠲᠡᠷᠡᠭᠦᠯᠬᠦ ᠵᠡᠷᠭᠡ ᠪᠠᠷ ᠳᠠᠮᠵᠢᠨ ᠪᠣᠰᠤᠭ᠎ᠠ ᠴᠣᠭᠴᠠᠲᠤ | ᠮᠠᠶ᠋ᠢᠭ ᠤᠨ ᠤᠬᠠᠭᠤᠯᠭ᠎ᠠ ᠶᠢᠨ ᠪᠠᠶᠢᠷᠢᠰᠢᠯ ᠢ ᠪᠣᠶ ᠪᠣᠯᠭᠠᠪᠠ᠃ ᠸᠢᠴᠠᠲ ᠤᠨ ᠨᠡᠶᠢᠲᠡ ᠶᠢᠨ ᠳ᠋ᠤᠭᠠᠷ᠂ ᠰᠦᠯᠵᠢᠶᠡᠨ ᠤ | ᠰᠦᠷᠦᠭᠵᠢᠯ᠂ ᠨᠠᠶᠢᠵᠠ ᠶᠢᠨ ᠲᠣᠭᠤᠷᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠤᠨ ᠡᠮ ᠡᠮᠨᠡᠯᠭᠡ ᠶᠢᠨ | ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠵᠢᠴᠢ ᠰᠦᠢᠳᠬᠡᠯ ᠲᠤᠰᠢᠶᠠᠬᠤ ᠠᠷᠭ᠎ᠠ | ᠮᠠᠶ᠋ᠢᠭ ᠢ ᠳᠠᠮᠵᠢᠭᠤᠯᠤᠨ ᠲᠠᠷᠬᠠᠭᠠᠵᠤ᠂ ᠲᠥᠷᠥ ᠶᠢᠨ ᠪᠣᠳᠣᠯᠭ᠎ᠠ ᠶᠢᠨ ᠬᠠᠮᠤᠷᠬᠤ ᠬᠡᠪᠴᠢᠶ᠎ᠡ ᠶᠢ ᠪᠦᠲᠦᠮᠵᠢᠲᠡᠶ | ᠥᠷᠭᠡᠳᠬᠡᠨ᠂ ᠤᠬᠠᠭᠤᠯᠭ᠎ᠠ ᠶᠢᠨ ᠪᠠᠯᠠᠶ ᠴᠡᠭ ᠢ ᠠᠷᠢᠯᠭᠠᠵᠤ᠂ ᠲᠥᠷᠥ ᠶᠢᠨ ᠪᠣᠳᠣᠯᠭ᠎ᠠ ᠶᠢᠨ ᠮᠡᠳᠡᠬᠦ ᠨᠣᠷᠮ᠎ᠠ ᠶᠢ ᠦᠨᠡᠨ | ᠬᠦ ᠳᠡᠭᠡᠭᠰᠢᠯᠡᠭᠦᠯᠵᠡᠢ᠃ ᠤᠬᠠᠭᠤᠯᠭ᠎ᠠ ᠶᠢ ᠥᠷᠭᠡᠨ ᠢᠶᠠᠷ ᠥᠷᠨᠢᠭᠦᠯᠬᠦ ᠶᠢᠨ ᠬᠠᠮᠲᠤ᠂ ᠨᠢᠭᠡᠨᠲᠡ ᠳᠠᠭᠠᠳᠬᠠᠯ ᠳᠤ | ᠣᠷᠣᠯᠴᠠᠬᠤ᠂ ᠳᠠᠭᠠᠳᠬᠠᠯ ᠳᠤ ᠣᠷᠣᠯᠴᠠᠭᠰᠠᠨ ᠦᠭᠡᠢ ᠰᠠᠭᠤᠭᠠᠯᠢ ᠠᠷᠠᠳ ᠤᠨ ᠣᠶᠢᠯᠠᠭᠠᠬᠤ ᠨᠤᠷᠮ᠎ᠠ ᠪᠣᠯᠤᠨ | ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠠᠵᠢᠯ ᠢ ᠬᠥᠮᠦᠨ ᠪᠦᠬᠦᠨ ᠳᠤ ᠮᠡᠳᠡᠭᠦᠯᠵᠦ᠂ ᠬᠥᠮᠦᠰ ᠤᠨ ᠰᠡᠳᠬᠢᠯ ᠳᠤ | ᠬᠠᠳᠠᠩᠰᠢᠭᠤᠯᠤᠨ᠎ᠠ᠃ ᠰᠠᠭᠤᠭᠠᠯᠢ ᠠᠷᠠᠳ ᠤᠨ ᠮᠠᠳᠠᠭ ᠲᠠᠢ ᠠᠰᠠᠭᠤᠳᠠᠯ ᠳᠤ ᠠᠵᠢᠯᠲᠠᠳ ᠰᠠᠭᠤᠭᠠᠯᠢ ᠠᠷᠠᠳ ᠤᠨ | ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠢ ᠬᠦᠯᠢᠴᠡᠩᠭᠦᠶ ᠪᠠᠷ ᠨᠠᠷᠢᠨ ᠨᠢᠮᠪᠠᠶ ᠬᠠᠷᠢᠭᠤᠯᠵᠤ᠂ ᠰᠠᠭᠤᠭᠠᠯᠢ | ᠠᠷᠠᠳ ᠲᠤ ᠡᠮ ᠡᠮᠨᠡᠯᠭᠡ ᠶᠢᠨ ᠳᠠᠭᠠᠳᠬᠠᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠩ ᠰᠠᠶᠢᠲᠤᠷ | ᠬᠦᠷᠲᠡᠭᠡᠪᠡ᠃ | ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ | ᠠᠵᠢᠯ ᠢ ᠰᠠᠶᠢᠲᠤᠷ ᠬᠢᠬᠦ ᠪᠣᠯ ᠣᠯᠠᠨ ᠲᠦᠮᠡᠨ ᠤ ᠡᠪᠡᠳᠴᠢᠯᠡᠪᠡᠯ ᠦᠵᠡᠭᠦᠯᠬᠦ ᠡᠮᠨᠡᠯᠭᠡ ᠲᠠᠢ᠂ ᠥᠲᠡᠯᠪᠡᠯ ᠬᠦᠷᠲᠡᠬᠦ | ᠠᠰᠠᠷᠠᠮᠵᠢ ᠲᠠᠢ ᠵᠡᠷᠭᠡ ᠦᠨᠳᠦᠰᠦᠨ ᠡᠷᠬᠡ ᠠᠰᠢᠭ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠣᠯᠠᠨ | ᠲᠠᠯ᠎ᠠ ᠶᠢᠨ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠬᠠᠷᠢᠶᠠᠲᠤ ᠣᠷᠣᠨ ᠤ ᠰᠠᠭᠤᠭᠠᠯᠢ ᠠᠷᠠᠳ ᠤᠨ ᠡᠮ | ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠨᠣᠷᠮ᠎ᠠ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠪᠥᠬᠦ ᠨᠡᠶᠢᠭᠡᠮ ᠢᠶᠠᠷ ᠢᠶᠠᠨ ᠡᠮ ᠡᠮᠨᠡᠯᠭᠡ ᠶᠢᠨ ᠳᠠᠭᠠᠳᠬᠠᠯ ᠢ ᠰᠠᠨᠠᠭᠠᠴᠢᠯᠠᠭ᠎ᠠ ᠠᠴᠠ ᠪᠠᠨ ᠠᠩᠬᠠᠷᠬᠤ᠂ | ᠤᠬᠠᠮᠰᠠᠷ ᠠᠴᠠ ᠪᠠᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ | ᠪᠣᠯᠭᠠᠬᠤ ᠳᠤ ᠬᠦᠴᠦᠨ ᠨᠡᠮᠡᠷᠢᠯᠡᠪᠡ᠃ ᠳᠠᠷᠠᠭᠠᠴᠢ ᠶᠢᠨ ᠠᠯᠬᠤᠮ ᠳᠤ᠂ ᠶᠢᠨ ᠯᠢᠨ ᠨᠡᠶᠢᠭᠡᠮ ᠲᠣᠭᠤᠷᠢᠭ ᠤᠨ ᠬᠢᠨ | ᠦᠷᠭᠦᠯᠵᠢᠯᠡᠨ ᠤᠬᠠᠭᠤᠯᠭ᠎ᠠ ᠶᠢᠨ ᠬᠡᠯᠪᠡᠷᠢ ᠶᠢᠨ ᠰᠢᠨ᠎ᠡ ᠶᠢ ᠡᠭᠦᠳᠴᠦ᠂ ᠠᠵᠢᠯ ᠤᠨ ᠰᠡᠳᠬᠢᠴᠡ ᠪᠠᠨ ᠲᠠᠰᠤᠷᠠᠯᠲᠠ | ᠦᠭᠡᠢ ᠥᠷᠭᠡᠳᠬᠡᠵᠦ᠂ ᠬᠠᠮᠤᠭ ᠤᠨ ᠪᠣᠷᠣᠭᠵᠢᠭᠤᠨ᠂ ᠬᠠᠮᠤᠭ ᠤᠨ ᠳᠣᠲᠣᠨᠣ ᠦᠭᠡ ᠬᠡᠯᠡ ᠪᠠᠷ ᠥᠷᠭᠡᠨ ᠤᠯᠠᠨ | ᠲᠦᠮᠡᠨ ᠳᠤ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠤᠬᠠᠭᠤᠯᠵᠤ᠂ ᠰᠠᠭᠤᠭᠠᠯᠢ ᠠᠷᠠᠳ ᠤᠨ | ᠡᠮ ᠡᠮᠨᠡᠯᠭᠡ ᠶᠢᠨ ᠳᠠᠭᠠᠳᠬᠠᠯ ᠤᠨ ᠲᠤᠬᠠᠢ ᠣᠶᠢᠯᠠᠭᠠᠬᠤ ᠨᠤᠷᠮ᠎ᠠ ᠪᠣᠯᠤᠨ ᠣᠷᠣᠯᠴᠠᠬᠤ ᠬᠡᠮᠵᠢᠶ᠎ᠡ ᠶᠢ | ᠳᠡᠭᠡᠭᠰᠢᠯᠡᠭᠦᠯᠵᠦ᠂ ︽ᠲᠤᠰᠢᠶᠠᠬᠤ ᠶᠣᠰᠣᠲᠠᠢ ᠶᠢ ᠨᠢ ᠪᠦᠬᠦᠨ ᠢ ᠲᠤᠰᠢᠶᠠᠵᠤ᠂ ᠪᠠᠲᠤᠯᠠᠬᠤ ᠶᠣᠰᠣᠲᠠᠢ ᠶᠢ ᠨᠢ ᠪᠦᠬᠦᠨ ᠢ | ᠪᠠᠲᠤᠯᠠᠬᠤ︾ ᠶᠢ ᠴᠢᠷᠮᠠᠶᠢᠨ ᠪᠡᠶᠡᠯᠡᠭᠦᠯᠦᠨ᠎ᠡ᠃ | | | | | | |