ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ 2025 ᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/7
      ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠪᠥᠬᠦ ᠺᠠᠳ᠋ᠷ ᠠᠵᠢᠯᠲᠠᠨ ᠠᠵᠢᠯᠴᠢᠨ ᠢ ᠵᠣᠬᠢᠶᠠᠨ ᠪᠠᠶᠢᠭᠤᠯᠤᠨ 2025 ᠣᠨ ᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠢ ᠬᠤᠷᠠᠯᠳᠤᠭᠤᠯᠵᠤ᠂ ᠡᠨᠡ ᠵᠢᠯ ᠤᠨ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠵᠤ᠂ ᠪᠥᠬᠦ ᠺᠠᠳ᠋ᠷ ᠠᠵᠢᠯᠲᠠᠨ ᠠᠵᠢᠯᠴᠢᠨ ᠤ ᠴᠠᠭᠠᠨ ᠰᠠᠷ᠎ᠠ ᠶᠢᠨ ᠪᠠᠶᠠᠷ ᠤᠨ ᠡᠳᠦᠷ ᠤᠨ ᠴᠤᠭ ᠪᠠᠳᠠᠷᠠᠩᠭᠤᠶ ᠴᠤᠭ ᠰᠦᠯᠳᠡ ᠪᠠᠨ ᠪᠠᠳᠠᠷᠠᠭᠤᠯᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠠᠵᠢᠯ ᠤᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠣᠷᠭᠢᠯᠤᠮ᠎ᠠ ᠬᠠᠯᠠᠭᠤᠨ ᠵᠣᠷᠢᠭ ᠰᠠᠨᠠᠭ᠎ᠠ᠂ ᠴᠤᠭ ᠪᠠᠳᠠᠷᠠᠩᠭᠤᠶ ᠲᠡᠮᠡᠴᠡᠯ ᠤᠨ ᠵᠣᠷᠢᠭ ᠢᠶᠠᠷ ᠰᠢᠨ᠎ᠡ ᠨᠢᠭᠡ ᠵᠢᠯ ᠤᠨ ᠠᠵᠢᠯ ᠳᠤ ᠣᠷᠣᠯᠴᠠᠬᠤ ᠶᠢ ᠵᠣᠷᠢᠭᠵᠢᠭᠤᠯᠪᠠ᠃      ᠬᠤᠷᠠᠯ ᠠᠴᠠ ᠪᠤᠭᠤᠲᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠤᠨ ᠶᠡᠷᠦᠩᠬᠡᠶ ᠵᠣᠷᠢᠭ ᠰᠠᠨᠠᠭ᠎ᠠ ᠶᠢ ᠤᠯᠠᠮᠵᠢᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ ᠢ ᠮᠡᠳᠡᠭᠳᠡᠵᠦ᠂ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ 2024 ᠣᠨ ᠤ ᠠᠵᠢᠯ ᠤᠨ ᠳᠤᠮᠳᠠ ᠣᠯᠤᠭᠰᠠᠨ ᠠᠮᠵᠢᠯᠲᠠ ᠪᠦᠲᠦᠮᠵᠢ ᠶᠢ ᠪᠥᠬᠦ ᠲᠠᠯ᠎ᠠ ᠪᠠᠷ ᠡᠷᠭᠢᠴᠡᠭᠦᠯᠵᠦ᠂ ᠣᠳᠣᠬᠠᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠠᠵᠢᠯ ᠤᠨ ᠳᠤᠮᠳᠠ ᠣᠷᠣᠰᠢᠵᠤ ᠪᠠᠶᠢᠭ᠎ᠠ ᠳᠤᠲᠠᠭᠤᠳᠠᠯ ᠢ ᠭᠦᠨᠵᠡᠭᠡᠶ ᠵᠠᠳᠠᠯᠵᠤ᠂ 2025 ᠣᠨ ᠤ ᠡᠯ᠎ᠡ ᠵᠦᠢᠯ ᠤᠨ ᠭᠤᠤᠯᠳᠠᠯᠭ᠎ᠠ ᠲᠠᠢ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠬᠤᠷᠠᠯ ᠠᠴᠠ᠂ ᠨᠢᠭᠡ ᠳᠤ᠂ ᠠᠮᠠᠷᠠᠯᠲᠠ ᠪᠠᠨ ᠲᠡᠭᠦᠰᠭᠡᠵᠦ ᠰᠡᠳᠭᠢᠯ ᠢᠶᠠᠨ ᠬᠤᠷᠢᠶᠠᠨ᠂ ᠳᠠᠷᠦ᠋ᠢᠬᠠᠨ ᠠᠵᠢᠯ ᠤᠨ ᠪᠠᠶᠢᠳᠠᠯ ᠳᠠᠭᠠᠨ ᠪᠤᠴᠠᠬᠤ ᠬᠡᠷᠡᠭᠲᠡᠢ᠃ ᠪᠥᠬᠦ ᠺᠠᠳ᠋ᠷ ᠠᠵᠢᠯᠲᠠᠨ ᠠᠵᠢᠯᠴᠢᠨ ᠥᠪᠡᠷ ᠤᠨ ᠲᠣᠬᠢᠷᠠᠭᠤᠯᠤᠯᠲᠠ ᠪᠠᠨ ᠰᠠᠶᠢᠲᠤᠷ ᠬᠢᠵᠦ᠂ ᠬᠠᠯᠠᠭᠤᠨ ᠳᠤᠯᠠᠭᠠᠨ ᠲᠠᠭᠠᠯᠠᠮᠵᠢᠲᠠᠶ ︽ᠰᠢᠨ᠎ᠡ ᠵᠢᠯ ᠤᠨ ᠵᠠᠭᠪᠤᠷ︾᠎ ᠠᠴᠠ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠬᠦ ︽ᠠᠵᠢᠯ ᠤᠨ ᠪᠠᠶᠢᠳᠠᠯ︾ ᠬᠦᠷᠲᠡᠯ᠎ᠡ ᠦᠳᠲᠡᠷ ᠲᠦᠷᠭᠡᠨ ᠬᠤᠪᠢᠷᠠᠭᠤᠯᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠬᠡᠪ ᠤᠨ ᠠᠵᠢᠯ ᠤᠨ ᠡᠮᠬᠢ ᠳᠢᠭᠯᠢᠮ ᠢ ᠪᠠᠲᠤᠯᠠᠵᠤ᠂ ᠵᠢᠯ ᠤᠨ ᠡᠬᠢᠨ ᠤ ᠠᠵᠢᠯ ᠤᠨ ᠰᠠᠶᠢᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠬᠤᠶᠠᠷ ᠲᠤ᠂ ᠤᠢᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠴᠢᠩᠭ᠎ᠠ ᠪᠣᠳᠠᠲᠠᠢ ᠠᠳᠬᠤᠬᠤ ᠬᠡᠷᠡᠭᠲᠡᠢ᠃ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ 2025 ᠣᠨ ᠳᠤ 10 ᠶᠠᠪᠤᠳᠠᠯ ᠢ ᠪᠡᠶᠡᠯᠡᠭᠦᠯᠵᠦ᠂ 2 ᠳ᠋ᠤᠭᠠᠷ ᠰᠠᠷ᠎ᠠ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ᠣᠷᠴᠢᠨ ᠲᠣᠭᠤᠷᠢᠨ ᠤ ᠳᠠᠯᠳᠠ ᠭᠡᠮ ᠢ ᠶᠡᠬᠡᠪᠡᠷ ᠵᠢᠭᠰᠠᠭᠠᠨ ᠪᠠᠶᠢᠴᠠᠭᠠᠬᠤ᠂ ᠶᠡᠬᠡᠪᠡᠷ ᠴᠡᠭᠴᠡᠯᠡᠨ ᠵᠠᠰᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠭᠤᠷᠪᠠᠳᠤᠭᠠᠷ ᠡᠭᠡᠯᠵᠢ ᠶᠢᠨ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠰᠢᠯᠭᠠᠨ ᠪᠠᠶᠢᠴᠠᠭᠠᠬᠤ ᠶᠢ ᠤᠭᠲᠤᠬᠤ ᠠᠵᠢᠯ ᠢ ᠰᠠᠶᠢᠲᠤᠷ ᠬᠢᠬᠦ ᠬᠡᠷᠡᠭᠲᠡᠶ︔ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠨᠡᠨ ᠬᠦ ᠰᠠᠶᠢᠲᠤᠷ ᠬᠢᠵᠦ᠂ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠡᠯ᠎ᠡ ᠲᠥᠷᠥᠯ ᠤᠨ ᠲᠥᠷᠥᠯ ᠵᠦᠢᠯ ᠢ ᠠᠬᠢᠭᠤᠯᠬᠤ ᠶᠢ ᠴᠢᠩᠭ᠎ᠠ ᠠᠳᠬᠤᠵᠤ ᠨᠠᠷᠢᠯᠢᠭ ᠠᠳᠬᠤᠵᠤ ᠪᠣᠳᠠᠲᠠᠶ ᠠᠳᠬᠤᠬᠤ ᠬᠡᠷᠡᠭᠲᠡᠶ᠃ ᠭᠤᠷᠪᠠ ᠳᠤ᠂ ᠳᠦᠷᠢᠮ ᠲᠣᠭᠲᠠᠭᠠᠯ ᠲᠣᠭᠲᠠᠭᠠᠬᠤ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠶ᠃ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠴᠤᠪᠤᠷᠠᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ︔ ᠪᠠᠯᠠ ᠮᠥᠩᠭᠦ ᠶᠢᠨ ᠲᠥᠷᠥᠯ ᠵᠦᠢᠯ ᠤᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠪᠥᠬᠦ ᠶᠠᠪᠤᠴᠠ ᠪᠠᠷ ᠬᠢᠨᠠᠨ ᠵᠢᠯᠣᠭᠤᠳᠴᠤ᠂  ᠳᠣᠭᠢᠷᠠᠭᠤᠯᠵᠤ᠂ ᠲᠥᠷᠥᠯ ᠵᠦᠢᠯ ᠢ ᠰᠢᠯᠭᠠᠨ ᠠᠪᠬᠤ᠂ ᠦᠨᠡᠯᠡᠬᠦ ᠵᠡᠷᠭᠡ ᠠᠵᠢᠯ ᠢ ᠴᠢᠩᠭ᠎ᠠ ᠰᠠᠶᠢᠲᠤᠷ ᠬᠢᠨ᠎ᠠ᠃ ᠲᠦᠷᠪᠡ ᠳᠤ᠂ ᠳᠣᠲᠣᠭᠠᠳᠤ ᠶᠢᠨ ᠵᠣᠬᠢᠴᠠᠭᠤᠯᠭ᠎ᠠ ᠬᠠᠮᠵᠢᠯᠴᠠᠭ᠎ᠠ ᠶᠢᠨ ᠲᠠᠯ᠎ᠠ ᠪᠠᠷ ᠰᠢᠪᠲᠤᠯᠤᠯᠲᠠ ᠭᠠᠷᠭᠠᠬᠤ ᠬᠡᠷᠡᠭᠲᠡᠶ᠃ ᠲᠣᠰ ᠪᠡᠶ᠎ᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠠ ᠠᠵᠢᠯ ᠤᠨ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠵᠢᠯ ᠤᠨ ᠪᠠᠶᠢᠷᠢ ᠶᠢᠨ ᠶᠡᠭᠡ ᠪᠣᠯᠪᠠᠰᠤᠷᠠᠯ ᠢ ᠥᠷᠨᠢᠭᠦᠯᠦᠨ᠂ ᠣᠨᠣᠯ ᠤᠨ ᠰᠤᠷᠤᠯᠴᠠᠯᠭ᠎ᠠ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠣᠷᠴᠢᠨ ᠲᠣᠭᠤᠷᠢᠨ ᠤ ᠬᠢᠨᠠᠨ ᠬᠡᠮᠵᠢᠯᠲᠡ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︽ᠲᠤᠪᠴᠢᠶ᠎ᠠ ᠠᠩᠭᠢ ᠥᠷᠲᠡᠭᠡ ᠨᠢᠭᠡᠳᠬᠡᠬᠦ︾ ᠳᠠᠪᠠᠭᠤᠯᠢᠭ ᠢ ᠪᠠᠳᠠᠷᠠᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠦᠴᠦᠷᠬᠡᠭ ᠶᠡᠭᠡ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠥᠬᠦᠶ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ ᠲᠠᠪᠤ ᠳᠤ᠂ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠰᠠᠬᠢᠯᠭ᠎ᠠ ᠪᠠᠲᠤ ᠶᠣᠰᠣ ᠲᠦᠷᠢᠮ ᠤᠨ ᠤᠬᠠᠮᠰᠠᠷ ᠢ ᠴᠢᠩᠭᠠᠳᠬᠠᠬᠤ ᠬᠡᠷᠡᠭᠲᠡᠢ᠃ ᠠᠷᠢᠭᠤᠨ ᠴᠢᠬᠡᠴᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠢᠭᠤᠨ ᠴᠢᠬᠡᠴᠢ ᠪᠠᠶᠢᠬᠤ ᠬᠠᠰᠢᠯᠭ᠎ᠠ ᠶᠢ ᠪᠠᠲᠤ ᠴᠣᠭᠴᠠᠯᠠᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠦᠨᠡᠨᠬᠦ ᠰᠡᠳᠬᠢᠯ ᠳᠡᠭᠡᠨ ᠪᠤᠳᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠵᠢᠯᠯᠠᠭ᠎ᠠ ᠳᠡᠭᠡᠷ᠎ᠡ ᠪᠠᠨ ᠨᠠᠶᠢᠳᠠᠪᠤᠷᠢᠵᠢᠭᠤᠯᠬᠤ ᠬᠡᠷᠡᠭᠲᠡᠢ︔ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠱᠠᠭᠠᠷᠳᠠᠬᠤ ᠡᠯ᠎ᠡ ᠵᠦᠢᠯ ᠤᠨ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠶᠢᠨ ᠬᠥᠪᠴᠢ ᠶᠢ ᠴᠢᠩᠭᠠᠯᠠᠵᠤ᠂ ᠰᠡᠳᠬᠢᠯ ᠳᠡᠭᠡᠨ ᠰᠠᠬᠢᠯᠭ᠎ᠠ ᠪᠠᠲᠤ ᠲᠠᠢ᠂ ᠳᠣᠲᠣᠷ᠎ᠠ ᠪᠠᠨ ᠲᠣᠭᠲᠠᠭᠠᠯ ᠲᠠᠢ᠂ ᠰᠡᠳᠬᠢᠯ ᠳᠡᠭᠡᠨ ᠲᠤᠭ᠎ᠠ ᠲᠠᠢ ᠪᠠᠶᠢᠵᠤ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠳᠤ ᠴᠢᠩᠱᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号