ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠢ ᠤᠷᠢᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠲᠤᠰᠬᠠᠢ ᠰᠡᠳᠦᠪᠲᠦ ᠠᠵᠢᠯ ᠤᠨ ᠬᠤᠷᠠᠯ ᠵᠢᠴᠢ 2025 ᠣᠨ ᠤ ᠬᠠᠪᠤᠷ ᠤᠨ ᠤᠯᠠᠷᠢᠯ ᠤᠨ ᠺᠠᠳ᠋ᠷ ᠤᠨ ᠬᠥᠮᠦᠵᠢᠯ  ᠪᠣᠯᠪᠠᠰᠤᠷᠠᠭᠤᠯᠤᠯ ᠤᠨ ᠠᠩᠭᠢ ᠡᠬᠢᠯᠡᠬᠦ ᠶᠣᠰᠣᠯᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/2/8
      2 ᠰᠠᠷ᠎ᠠ ᠶᠢᠨ 6᠎ ᠤ ᠡᠳᠦᠷ ᠤᠨ ᠦᠳᠡ ᠶᠢᠨ ᠬᠤᠶᠢᠨ᠎ᠠ᠂ ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠬᠤᠶᠠᠷ ᠢ ᠤᠷᠢᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠲᠤᠰᠬᠠᠶ ᠰᠡᠳᠦᠪᠲᠦ ᠠᠵᠢᠯ ᠤᠨ ᠬᠤᠷᠠᠯ ᠵᠢᠴᠢ 2025 ᠣᠨ ᠤ ᠬᠠᠪᠤᠷ ᠤᠨ ᠤᠯᠠᠷᠢᠯ ᠤᠨ ᠺᠠᠳ᠋ᠷ ᠤᠨ ᠬᠥᠮᠦᠵᠢᠯ  ᠪᠣᠯᠪᠠᠰᠤᠷᠠᠭᠤᠯᠤᠯ ᠤᠨ ᠠᠩᠭᠢ ᠡᠬᠢᠯᠡᠬᠦ ᠶᠣᠰᠣᠯᠠᠯ ᠬᠤᠷᠠᠯᠳᠤᠭᠤᠯᠵᠤ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠤ ᠶᠦᠩ ᠸᠠᠩ ᠬᠤᠷᠠᠯ ᠢ ᠡᠷᠭᠢᠯᠡᠵᠦ᠂ ᠲᠣᠪᠴᠢᠶ᠎ᠠ ᠶᠢᠨ ᠤᠳᠤᠷᠢᠳᠬᠤ ᠪᠠᠭ ᠤᠨ ᠪᠥᠬᠦ ᠪᠦᠷᠢᠯᠳᠦᠬᠦᠨ ᠵᠢᠴᠢ ᠪᠥᠬᠦ ᠺᠠᠳ᠋ᠷ ᠠᠵᠢᠯᠲᠠᠨ ᠠᠵᠢᠯᠴᠢᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠤ ᠶᠦᠩ ᠸᠠᠩ ᠨᠥᠬᠦᠷ ᠬᠤᠲᠠ᠂ ᠲᠣᠭᠤᠷᠢᠭ ᠬᠤᠶᠠᠷ ᠱᠠᠲᠤᠨ ᠤ ︽ᠬᠤᠶᠠᠷ ᠢ ᠤᠷᠢᠵᠦ ᠬᠤᠶᠠᠷ ᠢ ᠲᠠᠲᠠᠵᠤ ᠨᠢᠭᠡ ᠶᠢ ᠰᠢᠯᠢᠳᠡᠭᠵᠢᠭᠦᠯᠬᠦ︾ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠥᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠵᠤ ᠲᠥᠷᠥᠯ ᠵᠦᠢᠯ ᠢ ᠠᠳᠬᠤᠬᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠠᠳᠬᠤᠨ ᠴᠢᠳᠠᠪᠤᠷᠢᠲᠠᠨ ᠢ ᠦᠯᠡᠳᠡᠭᠡᠬᠦ᠂ ᠠᠵᠤ ᠠᠬᠤᠶᠢᠯᠠᠯ ᠳᠤ ᠦᠢᠯᠡᠴᠢᠯᠡᠬᠦ ᠶᠢ ᠠᠳᠬᠤᠬᠤ ᠶᠢᠨ ᠬᠠᠮᠲᠤ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠪᠥᠬᠦ ᠺᠠᠳ᠋ᠷ ᠠᠵᠢᠯᠲᠠᠨ ᠠᠵᠢᠯᠴᠢᠨ ᠤ ᠠᠵᠢᠯ ᠤᠨ ᠪᠠᠶᠢᠳᠠᠯ ᠳᠤ ᠲᠦᠷᠭᠡᠨ ᠣᠷᠣᠵᠤ᠂ ᠦᠳᠲᠡᠷ ᠲᠦᠷᠭᠡᠨ ᠬᠥᠳᠡᠯᠦᠯᠴᠡᠵᠦ᠂ ᠦᠷ᠎ᠡ ᠪᠦᠲᠦᠭᠡᠯ ᠢᠶᠠᠨ ᠲᠦᠷᠭᠡᠨ ᠬᠤᠪᠢᠷᠠᠭᠤᠯᠵᠤ᠂ ᠣᠷᠭᠢᠯᠤᠮ᠎ᠠ ᠬᠠᠯᠠᠭᠤᠨ ᠰᠡᠳᠬᠢᠯᠭᠡ᠂ ᠢᠳᠡᠪᠬᠢᠲᠡᠶ ᠣᠪᠣᠷ᠂ ᠭᠦᠢᠴᠡᠳ ᠡᠷᠴᠢ ᠵᠣᠷᠢᠭ ᠢᠶᠠᠷ ᠠᠷᠠᠳ ᠤᠨ ᠠᠮᠢᠳᠤᠷᠠᠯ ᠤᠨ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠰᠠᠬᠢᠵᠤ᠂ ᠲᠥᠪ ᠭᠤᠤᠯᠴᠢ ᠰᠢᠳᠤᠷᠭᠤ ᠶᠣᠰᠣ ᠶᠢ ᠪᠠᠲᠤ ᠰᠠᠬᠢᠵᠤ᠂ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ  ᠭᠦᠢᠴᠡᠳᠭᠡᠬᠦ ᠬᠡᠷᠡᠭᠲᠡᠶ ᠭᠡᠵᠦ ᠱᠠᠭᠠᠷᠳᠠᠪᠠ᠃      ᠳᠠᠷᠠᠭ᠎ᠠ ᠨᠢ᠂ ᠬᠤᠤ ᠶᠦᠩ ᠸᠠᠩ ᠨᠥᠬᠦᠷ 2025 ᠣᠨ ᠤ ᠬᠠᠪᠤᠷ ᠤᠨ ᠤᠯᠠᠷᠢᠯ ᠤᠨ ᠺᠠᠳ᠋ᠷ ᠤᠨ ᠬᠥᠮᠦᠵᠢᠯ ᠪᠣᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠡᠭᠡᠷ᠎ᠡ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ︽ᠶᠠᠭᠤᠨ ᠳᠤ ᠰᠤᠷᠤᠯᠴᠠᠬᠤ︾᠂ ︽ᠶᠠᠭᠤ ᠶᠢ ᠰᠤᠷᠤᠯᠴᠠᠬᠤ︾᠂ ︽ᠶᠠᠭᠠᠬᠢᠵᠤ ᠰᠤᠷᠤᠯᠴᠠᠬᠤ︾ ᠠᠰᠠᠭᠤᠳᠠᠯ ᠢ ᠲᠣᠳᠣᠷᠬᠠᠢ ᠣᠶᠢᠯᠠᠭᠠᠬᠤ ᠶᠢᠨ ᠬᠠᠮᠲᠤ ᠭᠤᠷᠪᠠᠨ ᠱᠠᠭᠠᠷᠳᠠᠯᠭ᠎ᠠ ᠳᠤᠷᠠᠳᠪᠠ᠄ ᠨᠢᠭᠡ ᠳᠤ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠳᠡᠭᠡᠳᠦ ᠬᠡᠮᠵᠢᠶᠡᠨ ᠤ ᠤᠬᠠᠮᠰᠠᠷᠲᠤ ᠴᠢᠨᠠᠷ ᠢᠶᠠᠷ ᠣᠷᠣᠭᠤᠯᠤᠯᠲᠠ ᠪᠠᠷ ᠰᠤᠷᠤᠯᠴᠠᠵᠤ᠂ ᠣᠯᠤᠯᠲᠠ ᠲᠠᠢ ᠪᠣᠯᠬᠤ ᠶᠢ ᠪᠠᠲᠤᠯᠠᠬᠤ ᠬᠡᠷᠡᠭᠲᠡᠢ︔ ᠬᠤᠶᠠᠷ ᠲᠤ ᠵᠦᠶ ᠵᠣᠬᠢᠰᠲᠠᠶ ᠲᠣᠬᠢᠷᠠᠭᠤᠯᠤᠯᠲᠠ ᠬᠢᠵᠦ᠂ ᠠᠵᠢᠯ ᠤᠨ ᠲᠣᠬᠢᠶᠠᠯ ᠢᠶᠠᠨ ᠨᠠᠨᠳᠢᠩᠨᠠᠵᠤ᠂ ᠠᠵᠢᠯ ᠪᠠ ᠰᠤᠷᠤᠯᠴᠠᠬᠤ ᠶᠢᠨ ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠵᠦ᠂ ᠰᠤᠷᠤᠯᠴᠠᠵᠤ᠂ ᠠᠵᠢᠯ ᠎ ᠢᠶᠠᠨ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ︔ ᠭᠤᠷᠪᠠ ᠳᠤ ᠰᠣᠷᠣᠭᠰᠠᠨ ᠢᠶᠠᠨ ᠬᠡᠷᠡᠭᠯᠡᠵᠦ᠂ ᠣᠨᠣᠯ ᠢ ᠪᠣᠳᠠᠲᠠᠶ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠴᠢᠳᠠᠮᠠᠭᠠᠶ ᠪᠠᠷ ᠰᠡᠳᠬᠢᠵᠦ᠂ ᠦᠢᠯᠡᠳᠦᠯᠭᠡ ᠳᠡᠭᠡᠨ ᠰᠢᠮᠳᠠᠵᠤ᠂ ᠰᠣᠷᠣᠭᠰᠠᠨ ᠮᠡᠳᠡᠯᠭᠡ ᠪᠠᠨ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠣᠯᠭᠠᠨ ᠬᠤᠪᠢᠷᠠᠭᠤᠯᠵᠤ᠂ ᠬᠡᠪ ᠴᠢᠨᠠᠷ ᠢᠶᠠᠷ ᠥᠨᠳᠥᠷ᠂ ᠣᠪᠣᠷ ᠰᠤᠷᠲᠠᠯ ᠢᠶᠠᠷ ᠴᠢᠩᠭ᠎ᠠ᠂ ᠴᠢᠳᠠᠪᠤᠷᠢ ᠪᠠᠷ ᠴᠢᠩᠭ᠎ᠠ ᠬᠠᠤᠯᠢ ᠬᠡᠷᠡᠭᠵᠢᠭᠦᠯᠬᠦ ᠡᠩᠨᠡᠭᠡ ᠶᠢ ᠳᠠᠪᠲᠠᠨ ᠪᠣᠯᠪᠠᠰᠤᠷᠠᠭᠤᠯᠵᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ᠃      ᠲᠣᠰ ᠵᠢᠯ ᠤᠨ ᠬᠠᠪᠤᠷ ᠤᠨ ᠤᠯᠠᠷᠢᠯ ᠤᠨ ᠺᠠᠳ᠋ᠷ ᠤᠨ ᠪᠣᠯᠪᠠᠰᠤᠷᠠᠯ ᠢ 2 ᠰᠠᠷ᠎ᠠ ᠶᠢᠨ 6᠎ ᠤ ᠡᠳᠦᠷ ᠠᠴᠠ 2 ᠰᠠᠷ᠎ᠠ ᠶᠢᠨ 8᠎ ᠤ ᠡᠳᠦᠷ ᠪᠣᠯᠲᠠᠯ᠎ᠠ ᠬᠤᠷᠠᠯᠳᠤᠭᠤᠯᠵᠤ᠂ ᠬᠤᠶᠠᠷ ᠡᠳᠦᠷ ᠬᠠᠭᠠᠰ ᠤᠨ ᠬᠤᠭᠤᠴᠠᠭ᠎ᠠ ᠲᠠᠢ ᠶᠠᠪᠤᠭᠳᠠᠵᠤ᠂ 7 ᠲᠤᠰᠬᠠᠶ ᠰᠡᠳᠦᠪ ᠢᠶᠠᠷ ᠨᠡᠶᠢᠲᠡ 20 ᠭᠠᠷᠤᠶ ᠰᠤᠷᠤᠯᠴᠠᠬᠤ ᠴᠠᠭ ᠪᠠᠶᠢᠵᠤ᠂ ᠲᠠᠷᠠᠭᠠᠴᠢ ᠶᠢᠨ ᠪᠣᠯᠪᠠᠰᠤᠷᠠᠭᠤᠯᠤᠯ ᠤᠨ ᠳᠤᠮᠳᠠ ᠪᠠᠰᠠ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠯᠲᠠ ᠶᠢᠨ ᠮᠡᠳᠡᠯᠭᠡ᠂ ᠡᠮ ᠬᠢᠮᠢ ᠶᠢᠨ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠵᠡᠷᠭᠡ ᠣᠯᠠᠨ ᠭᠤᠤᠯᠳᠠᠯᠭ᠎ᠠ ᠲᠠᠢ ᠬᠦᠷᠢᠶᠡᠨ ᠳᠤ ᠬᠢᠴᠢᠶᠡᠯ ᠣᠷᠣᠭᠤᠯᠵᠤ᠂ ᠪᠣᠯᠪᠠᠰᠤᠷᠠᠭᠤᠯᠤᠯ ᠤᠨ ᠬᠠᠮᠤᠷᠬᠤ ᠬᠡᠪᠴᠢᠶ᠎ᠡ ᠨᠢ 500 ᠭᠠᠷᠤᠶ ᠬᠥᠮᠦᠨ ᠤᠳᠠᠭ᠎ᠠ ᠳᠤ ᠬᠦᠷᠬᠦ ᠪᠣᠯᠤᠨ᠎ᠠ᠃      ᠴᠢᠩᠱᠠᠨ ᠲᠣᠭᠤᠷᠢᠭ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠪᠤᠷ ᠤᠨ ᠤᠯᠠᠷᠢᠯ ᠤᠨ ᠪᠣᠯᠪᠠᠰᠤᠷᠠᠯ ᠢ ᠨᠢᠭᠡᠨᠲᠡ 10 ᠭᠠᠷᠤᠶ ᠵᠢᠯ ᠦᠷᠭᠦᠯᠵᠢᠯᠡᠨ ᠥᠷᠨᠢᠭᠦᠯᠵᠦ᠂ ᠵᠠᠯᠠᠭᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠶᠡᠷᠦᠩᠬᠡᠶᠢᠯᠡᠭᠰᠡᠨ ᠬᠢᠷᠢ ᠲᠦᠪᠰᠢᠨ ᠤ ᠳᠡᠭᠡᠭᠰᠢᠯᠡᠯᠲᠡ ᠶᠢᠨ ᠦᠷ᠎ᠡ ᠪᠦᠲᠦᠮᠵᠢ ᠢᠯᠡᠳᠲᠡ ᠪᠣᠯᠵᠤ᠂ ᠲᠤᠰᠬᠠᠶᠢᠵᠢᠭᠰᠠᠨ ᠬᠢᠨᠠᠯᠲᠠ ᠬᠠᠮᠢᠶᠠᠷᠤᠯᠲᠠ ᠶᠢᠨ ᠡᠩᠨᠡᠭᠡ ᠶᠢ ᠳᠠᠪᠲᠠᠨ ᠪᠣᠯᠪᠠᠰᠤᠷᠠᠭᠤᠯᠬᠤ᠂ ᠣᠳᠣᠬᠢᠴᠢᠯᠠᠭᠰᠠᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠦᠢᠯᠡᠴᠢᠯᠡᠬᠦ ᠳᠤ ᠪᠠᠲᠤ ᠴᠢᠩᠭ᠎ᠠ ᠪᠠᠲᠤᠯᠠᠭ᠎ᠠ ᠬᠠᠩᠭᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号