2 ᠰᠠᠷ᠎ᠠ ᠶᠢᠨ 5 ᠤ ᠦᠳᠡ ᠶᠢᠨ ᠬᠤᠶᠢᠨᠠᠬᠢ ᠬᠤᠶᠠᠷ ᠴᠠᠭ ᠲᠤ᠂ ᠴᠢᠩᠱᠠᠨ ᠲᠣᠭᠤᠷᠢᠭ ᠤᠨ ᠰᠤᠯᠠ | ᠠᠵᠢᠯ ᠤᠨ ᠥᠷᠲᠡᠭᠡ ︵ᠸᠠᠨ ᠳ᠋ᠠ ᠬᠤᠪᠢᠶᠠᠷᠢ ᠥᠷᠲᠡᠭᠡ︶ ᠳᠤ ᠬᠥᠮᠦᠰ ᠤᠨ ᠠᠩᠬᠠᠷᠤᠯ ᠢ ᠲᠠᠲᠠᠭᠰᠠᠨ 2025 | ᠣᠨ ᠤ ᠪᠤᠭᠤᠲᠤ ᠬᠤᠲᠠ ᠶᠢᠨ ︽ᠤᠷᠢᠬᠠᠨ ᠰᠠᠯᠬᠢᠨ ᠤ ᠠᠵᠢᠯᠯᠠᠭ᠎ᠠ︾ — ︽ᠮᠢᠩᠭᠠᠨ ᠠᠵᠢᠯ ᠤᠨ ᠪᠠᠢᠷᠢ ᠬᠠᠪᠤᠷ ᠢ | ᠤᠭᠲᠤᠬᠤ︾ ᠲᠣᠮᠣ ᠬᠡᠯᠪᠡᠷᠢ ᠶᠢᠨ ᠤᠷᠢᠵᠤ ᠡᠯᠰᠡᠬᠦ ᠬᠤᠷᠠᠯ ᠬᠥᠷ ᠬᠥᠭᠵᠢᠶᠡᠨᠲᠡᠢ ᠶᠠᠪᠤᠭᠳᠠᠪᠠ᠃ ᠲᠤᠰ ᠤᠳᠠᠭᠠᠨ ᠤ | ᠠᠵᠢᠯᠲᠠᠨ ᠡᠯᠰᠡᠬᠦ ᠬᠤᠷᠠᠯ ᠢ ᠪᠤᠭᠤᠲᠤ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶ᠎ᠠ ᠬᠢᠭᠡᠳ ᠴᠢᠩᠱᠠᠨ ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠲᠠᠢ ᠬᠠᠮᠲᠤᠷᠠᠨ ᠭᠤᠤᠯᠯᠠᠨ ᠡᠷᠬᠢᠯᠡᠵᠦ᠂ ᠴᠢᠩᠱᠠᠨ ᠲᠣᠭᠤᠷᠢᠭ ᠤᠨ | ᠲᠣᠨᠤᠭ ᠲᠥᠬᠦᠭᠡᠷᠦᠮᠵᠢ ᠦᠢᠯᠡᠳᠬᠦ ᠬᠦᠷᠢᠶᠡᠯᠡᠩ ᠲᠣᠭᠤᠷᠢᠭ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ | ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ᠂ ᠴᠢᠩᠱᠠᠨ ᠲᠣᠭᠤᠷᠢᠭ ᠤᠨ ᠠᠵᠢᠯᠴᠢᠨ ᠤ ᠶᠡᠷᠦᠩᠬᠡᠶ ᠡᠪᠯᠡᠯ᠂ | ᠴᠢᠩᠱᠠᠨ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ᠂ ᠴᠢᠩᠱᠠᠨ ᠲᠣᠭᠤᠷᠢᠭ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠲᠥᠪ ᠵᠡᠷᠭᠡ ᠨᠢᠭᠡᠴᠢ ᠲᠠᠢ ᠬᠠᠮᠲᠤᠷᠠᠨ ᠡᠷᠬᠢᠯᠡᠵᠦ᠂ ᠵᠢᠯ ᠤᠨ ᠠᠩᠬᠠᠨ ᠤ | ᠠᠵᠢᠯᠲᠠᠨ ᠡᠯᠰᠡᠬᠦ ᠴᠤᠭᠯᠠᠭᠠᠨ ᠪᠣᠯᠤᠭᠰᠠᠨ ᠤ ᠬᠤᠪᠢ ᠳᠤ᠂ ᠮᠠᠰᠢ ᠣᠯᠠᠨ ᠠᠵᠢᠯ ᠡᠷᠢᠭᠰᠡᠳ ᠪᠠ ᠠᠵᠤ | ᠠᠬᠤᠶᠢᠯᠠᠯ ᠤᠨ ᠬᠦᠰᠡᠯ ᠡᠷᠡᠮᠡᠯᠵᠡᠯ ᠢ ᠠᠴᠢᠶᠠᠯᠠᠵᠤ᠂ ᠰᠢᠨ᠎ᠡ ᠨᠢᠭᠡ ᠵᠢᠯ ᠤᠨ ᠠᠵᠢᠯ ᠣᠯᠭᠤᠯᠲᠠ ᠶᠢᠨ ᠠᠵᠢᠯ ᠤᠨ | ᠬᠥᠰᠢᠭᠡ ᠶᠢ ᠨᠡᠭᠡᠭᠡᠪᠡ᠃ | ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠳᠤ ᠥᠪᠥᠷ ᠮᠣᠩᠭᠤᠯ ᠤᠨ ᠬᠤᠸᠠ ᠰᠢᠨ ᠮᠠᠰᠢᠨ | ᠮᠧᠬᠠᠨᠢᠭ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠪᠧᠶ ᠲᠧ ᠷᠦᠢ ᠡᠯ ᠬᠡᠯᠬᠢᠶᠡᠵᠢᠭᠰᠡᠨ | ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠶᠢᠨ ᠯᠢ ᠶᠦᠩ ᠰᠣᠷᠢᠨᠵᠢᠨ ︵ᠪᠤᠭᠤᠲᠤ︶ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ᠂ ᠪᠤᠭᠤᠲᠤ ᠬᠤᠲᠠ ᠶᠢᠨ ᠵᠦᠸᠧ ᠶᠤᠸᠠᠢ ᠰᠢᠨᠵᠢᠯᠡᠬᠦ ᠤᠬᠠᠭᠠᠨ ᠮᠡᠷᠭᠡᠵᠢᠯ ᠤᠨ | ᠬᠢᠵᠠᠭᠠᠷᠲᠤ ᠺᠣᠮᠫᠠᠨᠢ᠂ ᠬᠤᠸᠠ ᠲᠦ᠋ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠶᠢᠨ ᠪᠤᠭᠤᠲᠤ ᠶᠢᠨ ᠬᠤᠪᠢᠶᠠᠷᠢ ᠺᠣᠮᠫᠠᠨᠢ ᠵᠡᠷᠭᠡ ᠮᠠᠰᠢ ᠣᠯᠠᠨ ᠠᠵᠤ ᠠᠬᠤᠶᠢᠯᠠᠯ ᠢᠳᠡᠪᠬᠢᠲᠡᠶ ᠤᠷᠤᠯᠴᠠᠵᠦ᠂ | ᠣᠯᠠᠨ ᠠᠵᠢᠯ ᠲᠥᠷᠥᠯ ᠤᠨ ᠬᠦᠷᠢᠶᠡᠨ ᠳᠤ ᠬᠤᠯᠪᠣᠭᠳᠠᠵᠤ᠂ ᠭᠤᠤᠯᠳᠠᠭᠤ ᠲᠣᠰ ᠭᠠᠵᠠᠷ ᠤᠨ ᠲᠤᠯᠭᠠᠭᠤᠷᠢ ᠠᠵᠤ | ᠦᠢᠯᠡᠰ ᠪᠠ ᠰᠢᠨ᠎ᠡ ᠪᠠᠷ ᠬᠥᠭᠵᠢᠭᠰᠡᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠡᠷᠢᠭᠰᠡᠳ ᠲᠤ | ᠡᠯᠪᠡᠭ ᠪᠠᠶᠠᠯᠢᠭ ᠣᠯᠠᠨ ᠶᠠᠩᠵᠤ ᠶᠢᠨ ᠰᠣᠩᠭᠤᠯᠲᠠ ᠬᠠᠩᠭᠠᠪᠠ᠃ ᠮᠡᠷᠭᠡᠵᠢᠯ ᠤᠨ ᠠᠵᠢᠯ ᠤᠨ ᠪᠠᠶᠢᠷᠢ ᠠᠴᠠ | ᠬᠠᠮᠢᠶᠠᠷᠤᠯᠲᠠ ᠶᠢᠨ ᠠᠵᠢᠯ ᠤᠨ ᠪᠠᠶᠢᠷᠢ ᠬᠦᠷᠲᠡᠯ᠎ᠡ᠂ ᠰᠠᠭᠤᠷᠢ ᠠᠵᠢᠯᠯᠠᠭᠠᠨ ᠤ ᠠᠵᠢᠯ ᠤᠨ ᠪᠠᠶᠢᠷᠢ ᠠᠴᠠ ᠪᠠᠨ ᠳᠡᠭᠡᠳᠦ | ᠲᠠᠰ ᠤᠨ ᠰᠤᠳᠤᠯᠤᠨ ᠨᠡᠭᠡᠭᠡᠬᠦ ᠠᠵᠢᠯ ᠤᠨ ᠪᠠᠶᠢᠷᠢ ᠬᠦᠷᠲᠡᠯ᠎ᠡ᠂ ᠠᠳᠠᠯᠢ ᠪᠤᠰᠤ ᠳᠡᠰ ᠳᠠᠪᠬᠤᠷᠭ᠎ᠠ ᠶᠢᠨ ᠠᠵᠢᠯ ᠤᠨ | ᠪᠠᠶᠢᠷᠢ ᠶᠢᠨ ᠲᠣᠬᠢᠷᠠᠭᠤᠯᠤᠯᠲᠠ ᠨᠢ ᠡᠯ᠎ᠡ ᠲᠥᠷᠥᠯ ᠤᠨ ᠠᠵᠢᠯ ᠡᠷᠢᠭᠰᠡᠳ ᠤᠨ ᠬᠡᠷᠡᠭᠴᠡᠭᠡ ᠶᠢ ᠬᠠᠩᠭᠠᠪᠠ᠃ | ᠪᠦᠷᠢᠳᠬᠡᠯ ᠢ ᠦᠨᠳᠦᠰᠦᠯᠡᠪᠡᠯ᠂ 54 ᠠᠵᠤ ᠠᠬᠤᠶᠢᠯᠠᠯ ᠬᠤᠷᠠᠯ ᠳᠤ ᠣᠷᠣᠯᠴᠠᠵᠤ᠂ ᠬᠠᠩᠭᠠᠭᠰᠠᠨ ᠠᠵᠢᠯ ᠤᠨ ᠪᠠᠶᠢᠷᠢ | 1336 ᠪᠠᠶᠢᠵᠤ᠂ ᠲᠠᠯᠠᠪᠠᠶ ᠳᠤ ᠤᠷᠤᠭᠰᠠᠨ ᠬᠥᠮᠦᠨ ᠤ ᠲᠤᠭ᠎ᠠ 8500 ᠭᠠᠷᠤᠶ ᠪᠠᠶᠢᠵᠤ᠂ ᠠᠵᠤ ᠠᠬᠤᠶᠢᠯᠠᠯ ᠲᠠᠢ | ᠠᠩᠬ᠎ᠠ ᠠᠯᠬᠤᠮ ᠰᠠᠨᠠᠮᠵᠢ ᠲᠠᠢ ᠬᠥᠮᠦᠨ ᠤ ᠲᠤᠭ᠎ᠠ 1080 ᠪᠣᠯᠪᠠ᠃ | ᠠᠵᠤ ᠠᠬᠤᠶᠢᠯᠠᠯ ᠤᠨ ᠠᠵᠢᠯᠲᠠᠨ ᠡᠯᠰᠡᠬᠦ ᠰᠡᠳᠬᠢᠯᠭᠡ ᠳᠦᠭᠦᠷᠡᠩ ᠪᠠᠶᠢᠵᠤ᠂ ᠺᠣᠮᠫᠠᠨᠢ ᠶᠢᠨ ᠪᠠᠶᠢᠳᠠᠯ᠂ | ᠠᠵᠢᠯ ᠤᠨ ᠪᠠᠶᠢᠷᠢ ᠶᠢᠨ ᠱᠠᠭᠠᠷᠳᠠᠯᠭ᠎ᠠ ᠪᠠ ᠠᠰᠠᠷᠠᠮᠵᠢ ᠬᠠᠷᠠᠭᠠᠯᠵᠠᠯ ᠢ ᠨᠠᠷᠢᠨ ᠲᠠᠨᠢᠯᠴᠠᠭᠤᠯᠵᠤ᠂ ᠠᠵᠢᠯ | ᠡᠷᠢᠭᠰᠡᠳ ᠤᠨ ᠠᠰᠠᠭᠤᠳᠠᠯ ᠢ ᠬᠦᠯᠢᠴᠡᠩᠭᠦᠶ ᠪᠠᠷ ᠬᠠᠷᠢᠭᠤᠯᠪᠠ᠃ ᠠᠵᠢᠯ ᠡᠷᠢᠭᠰᠡᠳ ᠴᠦ ᠢᠳᠡᠪᠬᠢᠲᠡᠶ ᠪᠥᠭᠡᠳ | ᠰᠠᠨᠠᠭᠠᠴᠢᠯᠠᠭ᠎ᠠ ᠠᠴᠠ ᠪᠠᠨ ᠥᠪᠡᠷ ᠤᠨ ᠲᠤᠰᠬᠠᠶ ᠮᠡᠷᠭᠡᠵᠢᠯ ᠤᠨ ᠤᠷ᠎ᠠ ᠴᠢᠳᠠᠪᠤᠷᠢ ᠪᠠ ᠦᠢᠯᠡᠳᠦᠯᠭᠡ ᠶᠢᠨ | ᠲᠤᠷᠰᠢᠯᠭ᠎ᠠ ᠪᠠᠨ ᠭᠦᠢᠴᠡᠳ ᠢᠯᠡᠷᠡᠭᠦᠯᠵᠦ᠂ ᠲᠤᠬᠠᠶ ᠶᠢᠨ ᠲᠠᠯᠠᠪᠤᠷ ᠲᠤ ᠠᠭᠤᠷ ᠠᠮᠢᠰᠬᠤᠯ ᠬᠦᠷ ᠬᠥᠭᠵᠢᠶᠡᠨ ᠲᠠᠢ | ᠪᠤᠯᠭᠠᠪᠠ᠃ | ᠲᠤᠬᠠᠶ ᠶᠢᠨ ᠲᠠᠯᠠᠪᠤᠷ ᠲᠤ ᠬᠦᠷᠦᠭᠰᠡᠨ ᠦᠭᠡᠢ ᠠᠵᠢᠯ ᠡᠷᠢᠭᠰᠡᠳ ᠳᠤ ᠳᠥᠭᠦᠮ ᠦᠵᠡᠭᠦᠯᠬᠦ ᠶᠢᠨ ᠲᠥᠯᠥᠭᠡ | ᠭᠡᠷ ᠠᠴᠠ ᠪᠠᠨ ᠭᠠᠷᠬᠤ ᠦᠭᠡᠢ ᠴᠤ ᠠᠵᠢᠯᠲᠠᠨ ᠡᠯᠰᠡᠬᠦ ᠮᠡᠳᠡᠭᠡ ᠵᠠᠩᠭᠢ ᠶᠢ ᠣᠶᠢᠯᠠᠭᠠᠵᠤ᠂ ᠲᠤᠬᠠᠢ ᠶᠢᠨ ᠲᠠᠯᠠᠪᠤᠷ ᠲᠤ | ᠰᠢᠭᠤᠳ ᠨᠡᠪᠲᠡᠷᠡᠭᠦᠯᠭᠡ ᠬᠢᠪᠡ᠃ ᠡᠯ᠎ᠡ ᠠᠵᠤ ᠠᠬᠤᠶᠢᠯᠠᠯ ᠤᠨ ᠦᠵᠡᠭᠦᠯᠭᠡ ᠶᠢᠨ ᠪᠠᠶᠢᠷᠢ ᠶᠢᠨ ᠡᠮᠦᠨ᠎ᠡ ᠠᠵᠤ | ᠠᠬᠤᠶᠢᠯᠠᠯ ᠤᠨ ᠲᠣᠪᠴᠢ ᠲᠠᠨᠢᠯᠴᠠᠭᠤᠯᠭ᠎ᠠ᠂ ᠠᠵᠢᠯ ᠤᠨ ᠪᠠᠶᠢᠷᠢ ᠶᠢᠨ ᠱᠠᠭᠠᠷᠳᠠᠯᠭ᠎ᠠ᠂ ᠠᠵᠢᠯ ᠤᠨ ᠪᠠᠶᠢᠷᠢ ᠶᠢᠨ | ᠡᠭᠦᠷᠭᠡ ᠬᠠᠷᠢᠭᠤᠴᠠᠯᠭ᠎ᠠ᠂ ᠴᠠᠯᠢᠩ ᠬᠥᠯᠥᠰᠥ ᠣᠯᠭᠤᠮᠵᠢ ᠵᠡᠷᠭᠡ ᠠᠵᠢᠯᠲᠠᠨ ᠡᠯᠰᠡᠬᠦ ᠮᠡᠳᠡᠭᠡ ᠵᠠᠩᠭᠢ ᠶᠢ ᠨᠠᠷᠢᠨ | ᠬᠢᠨᠠᠮᠠᠭᠠᠶ ᠲᠠᠶᠢᠯᠪᠤᠷᠢᠯᠠᠬᠤ ᠶᠢᠨ ᠬᠠᠮᠲᠤ ᠰᠢᠭᠤᠳ ᠨᠡᠪᠲᠡᠷᠡᠭᠦᠯᠭᠡ ᠶᠢᠨ ᠲᠠᠰᠤᠭ ᠲᠤ ᠠᠵᠢᠯ ᠡᠷᠢᠭᠰᠡᠳ ᠲᠠᠢ | ᠬᠠᠷᠢᠯᠴᠠᠨ ᠬᠥᠳᠡᠯᠦᠯᠴᠡᠪᠡ᠃ | ᠵᠢᠯ ᠡᠬᠢᠯᠡᠬᠦ ᠠᠩᠬᠠᠨ ᠤ ᠲᠠᠯᠠᠪᠤᠷ ᠠᠵᠢᠯᠲᠠᠨ ᠡᠯᠰᠡᠬᠦ ᠬᠤᠷᠠᠯ ᠪᠣᠯᠤᠭᠰᠠᠨ ᠤ ᠬᠤᠪᠢ ᠳᠤ᠂ ᠲᠣᠰ | ᠤᠳᠠᠭᠠᠨ ᠤ ᠠᠵᠢᠯᠯᠠᠭ᠎ᠠ ᠨᠢ ᠠᠵᠢᠯ ᠡᠷᠢᠭᠰᠡᠳ ᠪᠠ ᠠᠵᠤ ᠠᠬᠤᠶᠢᠯᠠᠯ ᠳᠤ ᠨᠡᠪᠲᠡᠷᠡᠯᠴᠡᠭᠡ ᠶᠢᠨ ᠬᠥᠭᠦᠷᠭᠡ | ᠪᠠᠶᠢᠭᠤᠯᠤᠨ ᠥᠭᠭᠦᠭᠰᠡᠨ ᠢᠶᠠᠷ ᠪᠠᠷᠠᠬᠤ ᠥᠬᠡᠶ ᠪᠠᠰᠠ ᠴᠢᠩᠱᠠᠨ ᠲᠣᠭᠤᠷᠢᠭ ᠤᠨ ᠰᠢᠨ᠎ᠡ ᠨᠢᠭᠡ ᠵᠢᠯ ᠤᠨ ᠠᠵᠢᠯ | ᠣᠯᠭᠤᠯᠲᠠ ᠶᠢᠨ ᠠᠵᠢᠯ ᠳᠤ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃ ᠵᠠᠯᠭᠠᠭᠠᠳ ᠴᠢᠩᠱᠠᠨ ᠲᠣᠭᠤᠷᠢᠭ ᠤᠨ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠦᠷᠭᠦᠯᠵᠢᠯᠡᠨ ᠬᠦᠴᠦᠯᠡᠬᠦ | ᠪᠣᠯᠤᠨ᠎ᠠ᠃ ᠨᠢᠭᠡ ᠲᠠᠯ᠎ᠠ ᠪᠠᠷ᠂ ᠭᠤᠤᠯᠳᠠᠯᠭ᠎ᠠ ᠲᠠᠢ ᠠᠵᠤ ᠦᠢᠯᠡᠰ ᠤᠨ ᠬᠥᠭᠵᠢᠯᠲᠡ ᠶᠢᠨ ᠲᠣᠭᠤᠷᠢᠨ ᠳᠤ | ᠬᠤᠳᠠᠯᠳᠤᠭᠠᠨ ᠤ ᠲᠣᠭᠤᠷᠢᠭ᠂ ᠨᠡᠶᠢᠭᠡᠮ ᠲᠣᠭᠤᠷᠢᠭ ᠲᠤ ᠭᠦᠨᠵᠡᠭᠡᠶᠢᠷᠡᠨ᠂ ᠡᠯ᠎ᠡ ᠲᠥᠷᠥᠯ ᠤᠨ ᠲᠤᠰᠬᠠᠶ ᠠᠵᠢᠯᠲᠠᠨ | ᠡᠯᠰᠡᠬᠦ ᠴᠤᠭᠯᠠᠭᠠᠨ ᠢ ᠤᠯᠠᠮ ᠨᠢᠭᠡ ᠠᠯᠬᠤᠮ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠶᠢ ᠪᠦᠲᠦᠮᠵᠢᠲᠡᠶ ᠪᠠᠲᠤᠯᠠᠨ᠂ ᠭᠤᠤᠯᠳᠠᠯᠭ᠎ᠠ ᠲᠠᠢ ᠬᠦᠮᠦᠰ ᠤᠨ ᠠᠵᠢᠯ ᠣᠯᠭᠤᠯᠲᠠ ᠶᠢ ᠠᠬᠢᠭᠤᠯᠤᠨ᠎ᠠ᠃ | ᠨᠥᠭᠦᠭᠡ ᠲᠠᠯ᠎ᠠ ᠪᠠᠷ᠂ ᠰᠦᠯᠵᠢᠶᠡᠨ ᠳᠡᠭᠡᠷᠡᠬᠢ ᠲᠠᠪᠴᠠᠩ ᠢ ᠦᠷᠭᠦᠯᠵᠢᠯᠡᠨ ᠠᠰᠢᠭᠯᠠᠵᠤ᠂ ᠠᠵᠢᠯ ᠤᠨ ᠪᠠᠶᠢᠷᠢ ᠶᠢᠨ | ᠮᠡᠳᠡᠭᠡ ᠵᠠᠩᠭᠢ ᠶᠢ ᠲᠣᠭᠲᠠᠮᠠᠯ ᠬᠤᠭᠤᠴᠠᠭ᠎ᠠ ᠲᠠᠢ ᠪᠠᠷ ᠰᠢᠨᠡᠳᠬᠡᠵᠦ᠂ ᠴᠠᠭ ᠪᠠ ᠣᠷᠣᠨ ᠵᠠᠶ ᠶᠢᠨ ᠬᠢᠵᠠᠭᠠᠷᠯᠠᠯ ᠢ | ᠡᠪᠳᠡᠵᠦ᠂ ᠨᠠᠩ ᠣᠯᠠᠨ ᠠᠵᠢᠯ ᠡᠷᠢᠭᠰᠡᠳ ᠲᠤ ᠳᠥᠭᠦᠮ ᠳᠥᠲᠡ ᠠᠵᠢᠯ ᠣᠯᠭᠤᠯᠲᠠ ᠶᠢᠨ ᠮᠡᠳᠡᠭᠡ ᠵᠠᠩᠭᠢ | ᠣᠯᠭᠤᠵᠤ᠂ ᠪᠤᠭᠤᠲᠤ ᠬᠤᠲᠠ ᠶᠢᠨ ᠠᠵᠢᠯ ᠣᠯᠭᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠳᠤ ᠬᠦᠴᠦᠨ | ᠨᠡᠮᠡᠷᠢᠯᠡᠨ᠎ᠡ᠃ | | | | | | |