ᠲᠡᠷᠭᠡᠨ ᠵᠣᠭᠰᠣᠭᠠᠯ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ | ᠬᠠᠮᠠᠭᠠᠯᠠᠬᠤ ᠶᠢᠨ ᠲᠦᠯᠦᠭᠡ᠂ ᠤᠶᠢᠷ᠎ᠠ ᠳᠤ᠂ ᠴᠢᠩᠱᠠᠨ ᠲᠣᠭᠤᠷᠢᠭ ᠤᠨ ᠬᠠᠤᠯᠢ ᠬᠡᠷᠡᠭᠵᠢᠭᠦᠯᠬᠦ ᠲᠣᠪᠴᠢᠶ᠎ᠠ ᠨᠢ ᠵᠠᠬ᠎ᠠ | ᠳᠡᠯᠭᠡᠭᠦᠷ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠲᠠᠢ ᠬᠠᠮᠲᠤᠷᠠᠨ ᠲᠡᠷᠭᠡᠨ | ᠵᠣᠭᠰᠣᠭᠠᠯ ᠤᠨ ᠠᠵᠢᠯ ᠤᠨ ᠪᠠᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠠᠢ᠃ ᠵᠤᠷᠢᠯᠭ᠎ᠠ ᠨᠢ ᠨᠡᠪᠲᠡᠷᠡᠯᠴᠡᠬᠦ | ᠲᠠᠪᠴᠠᠩ ᠪᠠᠶᠢᠭᠤᠯᠵᠦ᠂ ᠬᠤᠳᠠᠯᠳᠤᠭᠠᠨ ᠤ ᠡᠷᠦᠬᠡ ᠶᠢᠨ ᠬᠦᠰᠡᠯ ᠱᠠᠭᠠᠷᠳᠠᠯᠭ᠎ᠠ ᠶᠢ ᠰᠣᠨᠣᠰᠴᠤ᠂ ᠪᠣᠳᠠᠲᠠᠢ | ᠠᠰᠠᠭᠤᠳᠠᠯ ᠢ ᠰᠢᠢᠳᠪᠦᠷᠢᠯᠡᠵᠦ᠂ ᠲᠡᠷᠭᠡ ᠵᠣᠭᠰᠣᠬᠤ ᠲᠠᠯᠠᠪᠤᠷ ᠤᠨ ᠠᠵᠢᠯ ᠲᠥᠷᠥᠯ ᠤᠨ ᠡᠷᠡᠭᠦᠯ ᠮᠡᠨᠳᠦ ᠶᠢᠨ | ᠬᠠᠮᠲᠤᠷᠠᠭᠰᠠᠨ ᠡᠮᠬᠢ ᠳᠠᠷᠠᠭ᠎ᠠ ᠲᠠᠢ ᠬᠥᠭᠵᠢᠯᠲᠡ ᠶᠢ ᠬᠠᠮᠲᠤᠪᠠᠷ ᠠᠬᠢᠭᠤᠯᠬᠤ ᠶᠢᠨ ᠲᠥᠯᠥᠭᠡ ᠶᠤᠮ᠃ ᠬᠠᠤᠯᠢ | ᠬᠡᠷᠡᠭᠵᠢᠭᠦᠯᠬᠦ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠵᠢᠴᠢ ᠬᠠᠷᠢᠶ᠎ᠠ ᠣᠷᠣᠨ ᠤ ᠳᠣᠲᠣᠷᠠᠬᠢ 40 ᠲᠡᠷᠭᠡᠨ | ᠵᠣᠭᠰᠣᠭᠠᠯ ᠤᠨ ᠬᠤᠳᠠᠯᠳᠤᠭᠠᠨ ᠤ ᠡᠷᠦᠬᠡ ᠶᠢᠨ ᠲᠥᠯᠥᠭᠡᠯᠡᠭᠴᠢ ᠬᠤᠷᠠᠯ ᠳᠤ ᠣᠷᠣᠯᠴᠠᠵᠠᠶ᠃ | ᠬᠤᠷᠠᠯ ᠳᠡᠭᠡᠷ᠎ᠡ᠂ ᠬᠠᠤᠯᠢ ᠬᠡᠷᠡᠭᠵᠢᠭᠦᠯᠬᠦ ᠲᠣᠪᠴᠢᠶ᠎ᠠ ᠪᠠ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ | ᠠᠩᠭᠢ ᠲᠣᠰ ᠲᠣᠰ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠲᠡᠷᠭᠡᠨ ᠵᠣᠭᠰᠣᠭᠠᠯ ᠤᠨ ᠳᠠᠩᠰᠠᠯᠠᠭᠤᠯᠬᠤ | ᠱᠠᠭᠠᠷᠳᠠᠯᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠡᠷᠭᠡ ᠵᠣᠭᠰᠣᠭᠠᠬᠤ ᠡᠮᠬᠢ ᠵᠢᠷᠤᠮ᠂ ᠲᠡᠷᠭᠡ | ᠵᠣᠭᠰᠣᠭᠠᠬᠤ ᠪᠠᠶᠢᠷᠢ ᠵᠡᠷᠭᠡ ᠶᠢ ᠥᠭᠡᠷᠡᠴᠢᠯᠡᠬᠦ ᠵᠡᠷᠭᠡ ᠲᠠᠯ᠎ᠠ ᠪᠠᠷ ᠱᠠᠭᠠᠷᠳᠠᠯᠭ᠎ᠠ ᠳᠤᠷᠠᠳᠪᠠ᠃ ᠲᠡᠷᠭᠡᠨ | ᠵᠣᠭᠰᠣᠭᠠᠯ ᠤᠨ ᠭᠠᠵᠠᠷ ᠲᠤ ᠲᠠᠯᠠᠪᠤᠷ ᠭᠠᠵᠠᠷ ᠨᠢ ᠴᠡᠪᠡᠷ ᠲᠡᠭᠰᠢ ᠪᠠᠶᠢᠬᠤ ᠶᠢ ᠪᠠᠲᠤᠯᠠᠵᠤ᠂ ᠲᠡᠷᠭᠡ ᠬᠥᠰᠬᠡ ᠡᠮᠬᠢ | ᠵᠢᠷᠤᠮ ᠲᠠᠢ ᠪᠠᠶᠢᠪᠠᠯ ᠵᠠᠮ ᠡᠵᠡᠯᠡᠨ ᠡᠵᠡᠩᠨᠡᠭᠰᠡᠨ᠂ ᠳᠤᠷ᠎ᠠ ᠪᠠᠷ ᠢᠶᠠᠨ ᠬᠠᠷᠰᠢ ᠰᠠᠭᠠᠳ ᠭᠠᠷᠭᠠᠭᠰᠠᠨ ᠵᠡᠷᠭᠡ | ᠬᠤᠲᠠ ᠶᠢᠨ ᠳᠦᠷᠰᠦ ᠪᠠᠶᠢᠳᠠᠯ ᠪᠠ ᠵᠠᠮ ᠬᠠᠷᠢᠯᠴᠠᠭᠠᠨ ᠤ ᠨᠡᠪᠲᠡᠷᠡᠬᠦ ᠶᠢ ᠨᠥᠯᠥᠭᠡᠯᠡᠵᠦ ᠪᠠᠶᠢᠭ᠎ᠠ ᠪᠠᠶᠢᠳᠠᠯ ᠭᠠᠷᠭᠠᠵᠤ | ᠪᠣᠯᠬᠤ ᠦᠭᠡᠢ᠂ ᠲᠡᠷᠭᠡᠨ ᠵᠣᠭᠰᠣᠭᠠᠯ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠨᠢ ᠴᠡᠪᠡᠷ ᠴᠡᠮᠴᠡᠭᠡᠷ᠂ ᠡᠮᠬᠢ | ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠲᠣᠳᠣᠷᠬᠠᠢ ᠵᠢᠭᠠᠵᠤ ᠭᠠᠷᠭᠠᠭᠰᠠᠨ ᠪᠠᠶᠢᠨ᠎ᠠ᠃ | ᠵᠠᠬ᠎ᠠ ᠳᠡᠯᠭᠡᠭᠦᠷ ᠤᠨ ᠲᠣᠪᠴᠢᠶ᠎ᠠ ᠲᠡᠷᠭᠡᠨ ᠵᠣᠭᠰᠣᠭᠠᠯ ᠤᠨ ᠦᠨ᠎ᠡ ᠬᠠᠩᠰᠢ ᠶᠢᠨ ᠬᠦᠷᠢᠶᠡᠨ ᠳᠠᠬᠢ | ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠪᠠᠶᠢᠳᠠᠯ ᠢ ᠦᠨᠳᠦᠰᠦᠯᠡᠨ᠂ ᠨᠡᠶᠢᠲᠡᠯᠢᠭ ᠬᠡᠷᠡᠭ ᠤᠨ ᠵᠢᠱᠢᠶ᠎ᠡ ᠲᠠᠢ | ᠤᠶᠠᠯᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾᠂ | ︽ᠪᠤᠭᠤᠲᠤ ᠬᠤᠲᠠ ᠶᠢᠨ ᠮᠠᠰᠢᠨᠲᠤ ᠲᠡᠷᠭᠡ ᠵᠣᠭᠰᠣᠭᠠᠬᠤ ᠦᠢᠯᠡᠴᠢᠯᠡᠭᠡᠨ ᠤ ᠰᠦᠢᠳᠬᠡᠯ ᠬᠤᠷᠢᠶᠠᠬᠤ ᠨᠠᠷᠢᠨ ᠲᠦᠷᠢᠮ︾ | ᠳᠤ ᠨᠠᠷᠢᠨ ᠲᠠᠶᠢᠯᠤᠮᠵᠢ ᠬᠢᠵᠦ᠂ ᠲᠡᠷᠭᠡᠨ ᠵᠣᠭᠰᠣᠭᠠᠯ ᠤᠨ ᠠᠮᠠᠷᠬᠠᠨ ᠭᠠᠷᠬᠤ ᠲᠣᠭᠲᠠᠭᠠᠯ ᠶᠣᠰᠣᠭᠠᠷ ᠦᠨ᠎ᠡ | ᠬᠠᠩᠰᠢ ᠶᠢ ᠢᠯᠡ ᠲᠡᠮᠳᠡᠭᠯᠡᠭᠰᠡᠨ ᠥᠬᠡᠶ᠂ ᠵᠠᠰᠠᠭ ᠤᠨ ᠣᠷᠳᠣᠨ ᠤ ᠦᠨ᠎ᠡ ᠬᠠᠩᠰᠢ ᠶᠢ ᠬᠡᠷᠡᠭᠵᠢᠭᠦᠯᠬᠦ ᠥᠬᠡᠶ ᠵᠡᠷᠭᠡ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠭᠤᠤᠯᠳᠠᠯᠭ᠎ᠠ ᠲᠠᠢ ᠰᠠᠨᠠᠭᠤᠯᠭ᠎ᠠ ᠭᠠᠷᠭᠠᠵᠤ᠂ ᠬᠤᠳᠠᠯᠳᠤᠭᠠᠴᠢᠨ | ᠡᠷᠦᠬᠡ ᠶᠢ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠠᠵᠢᠯ ᠲᠥᠷᠥᠯ ᠤᠨ ᠥᠪᠡᠷ ᠢ ᠪᠠᠨ | ᠱᠠᠭᠠᠷᠳᠠᠬᠤ ᠶᠢ ᠴᠢᠩᠭᠠᠳᠬᠠᠵᠤ᠂ ᠲᠣᠰ ᠪᠡᠶ᠎ᠡ ᠶᠢᠨ ᠦᠢᠯᠡ ᠠᠵᠢᠯᠯᠠᠭ᠎ᠠ ᠪᠠᠨ ᠵᠢᠷᠤᠮᠵᠢᠭᠤᠯᠬᠤ ᠬᠡᠷᠡᠭᠲᠡᠶ ᠭᠡᠵᠦ | ᠱᠠᠭᠠᠷᠳᠠᠪᠠ᠃ | ᠬᠤᠷᠠᠯ ᠠᠴᠠ᠂ ᠡᠯ᠎ᠡ ᠲᠡᠷᠭᠡᠨ ᠵᠣᠭᠰᠣᠭᠠᠯ ᠤᠨ ᠡᠵᠡᠩᠨᠡᠭᠴᠢ ᠦᠵᠡᠯ ᠰᠠᠨᠠᠭ᠎ᠠ ᠲᠠᠨᠢᠯᠲᠠ ᠪᠠᠨ ᠦᠨᠡᠨ ᠬᠦ | ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠥᠪᠡᠷ ᠢ ᠪᠠᠨ | ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠣᠷᠣᠰᠢᠵᠤ ᠪᠠᠶᠢᠭ᠎ᠠ ᠠᠰᠠᠭᠤᠳᠠᠯ ᠢ | ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠬᠠᠤᠯᠢ ᠬᠡᠷᠡᠭᠵᠢᠭᠦᠯᠬᠦ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ | ᠰᠠᠯᠠᠭ᠎ᠠ ᠮᠥᠴᠢᠷ ᠤᠨ ᠬᠤᠯᠪᠣᠭᠠᠯᠠᠨ ᠬᠥᠳᠡᠯᠦᠯᠴᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ | ᠪᠠᠶᠢᠩᠭᠤᠵᠢᠭᠤᠯᠤᠭᠰᠠᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠲᠣᠭᠤᠷᠢᠨ ᠪᠠᠶᠢᠴᠠᠭᠠᠬᠤ | ᠡᠷᠴᠢᠮ ᠢᠶᠠᠨ ᠴᠢᠩᠭᠠᠷᠠᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ᠂ ᠣᠯᠠᠨᠲᠠ ᠪᠠᠶᠢᠴᠠᠭᠠᠵᠤ ᠣᠯᠠᠨᠲᠠ | ᠵᠥᠷᠢᠴᠡᠭᠰᠡᠨ ᠲᠡᠷᠭᠡᠨ ᠵᠣᠭᠰᠣᠭᠠᠯ ᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠥᠷᠭᠡᠨ ᠣᠯᠠᠨ | ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠰᠠᠶᠢᠲᠤᠷ ᠬᠠᠮᠠᠭᠠᠯᠠᠨ᠎ᠠ᠃ ᠡᠭᠦᠨ ᠤ ᠬᠠᠮᠲᠤ᠂ ᠪᠠᠰᠠ | ᠲᠡᠷᠭᠡᠨ ᠵᠣᠭᠰᠣᠭᠠᠯ ᠤᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡ ᠶᠢ ᠴᠢᠩᠭᠠᠳᠬᠠᠵᠤ᠂ | ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠪᠠ ᠰᠢᠢᠳᠪᠦᠷᠢᠯᠡᠵᠦ᠂ ᠲᠡᠷᠭᠡᠨ ᠵᠣᠭᠰᠣᠭᠠᠯ ᠤᠨ ᠬᠤᠳᠠᠯᠳᠤᠭᠠᠴᠢᠨ | ᠡᠷᠦᠬᠡ ᠳᠤ ᠰᠠᠶᠢᠨ ᠰᠠᠶᠢᠬᠠᠨ ᠡᠵᠡᠩᠨᠡᠯᠲᠡ ᠶᠢᠨ ᠣᠷᠴᠢᠨ ᠲᠣᠭᠤᠷᠢᠨ ᠢ ᠪᠣᠶ ᠪᠣᠯᠭᠠᠵᠤ᠂ ᠬᠠᠮᠲᠤ ᠪᠠᠷ ᠬᠤᠲᠠ ᠶᠢᠨ | ᠠᠷᠠᠳ ᠲᠤ ᠴᠢᠨᠠᠷ ᠰᠠᠶᠢᠲᠠᠶ᠂ ᠳᠥᠭᠦᠮ ᠳᠥᠲᠡ ᠲᠡᠷᠭᠡ ᠵᠣᠭᠰᠣᠭᠠᠬᠤ ᠦᠢᠯᠡᠴᠢᠯᠡᠭᠡ ᠬᠠᠩᠭᠠᠨ᠎ᠠ ᠭᠡᠵᠦ | ᠴᠢᠬᠤᠯᠠᠴᠢᠯᠠᠭᠰᠠᠨ ᠪᠠᠶᠢᠨ᠎ᠠ᠃ | | | | | | | | |