ᠦᠵᠡᠰᠬᠦᠯᠡᠩᠲᠦ ᠰᠠᠶᠢᠬᠠᠨ ᠪᠤᠭᠤᠲᠤ ᠶᠢᠨ ᠪᠦᠳᠦᠭᠡᠨ ᠪᠠᠶᠢᠭᠤᠯᠤᠯᠲᠠ ᠶᠢ ᠶᠡᠬᠡᠪᠡᠷ ᠠᠬᠢᠭᠤᠯᠵᠤ᠂ | ᠤᠮᠠᠷᠠᠲᠤ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠵᠤ᠂ ᠥᠷᠭᠡᠨ ᠤᠯᠠᠨ | ᠲᠦᠮᠡᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠤᠨ ᠲᠤᠬᠠᠢ ᠬᠦᠷᠲᠡᠮᠵᠢ ᠶᠢᠨ ᠲᠦᠷᠦᠭᠳᠡᠯ᠂ | ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠦᠯᠦᠭᠡ᠂ | ᠲᠤᠰ ᠡᠳᠦᠷ ᠠᠴᠠ ᠡᠬᠢᠯᠡᠨ ᠴᠢᠩᠱᠠᠨ ᠲᠣᠭᠤᠷᠢᠭ ᠤᠨ ᠬᠡᠪᠴᠢᠶᠡᠨ ᠳᠤ ᠠᠮᠢ ᠠᠬᠤᠢ ᠶᠢᠨ ᠣᠷᠴᠢᠨ ᠲᠣᠭᠤᠷᠢᠨ ᠤ | ᠳᠤᠪᠤᠶᠢᠮ᠎ᠠ ᠠᠰᠠᠭᠤᠳᠠᠯ ᠢ ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ ᠭᠠᠷᠭᠠᠬᠤ ᠪᠠᠷ ᠰᠤᠳᠤᠯᠤᠨ ᠲᠣᠭᠲᠠᠭᠠᠪᠠ᠂ | ᠪᠣᠳᠠᠲᠠᠶ ᠶᠠᠪᠤᠳᠠᠯ ᠨᠢ ᠳᠣᠤᠷᠠᠬᠢ ᠮᠡᠲᠦ᠄ | ᠪᠠᠶᠢᠭᠤᠯᠬᠤ ᠴᠠᠭ᠄ 2025 ᠣᠨ ᠤ 3 ᠳ᠋ᠤᠭᠠᠷ ᠰᠠᠷ᠎ᠠ ᠶᠢᠨ 10 ᠤ ᠡᠳᠦᠷ ᠠᠴᠠ 5 ᠳ᠋ᠤᠭᠠᠷ ᠰᠠᠷ᠎ᠠ ᠶᠢᠨ | 5 ᠤ ᠡᠳᠦᠷ | ᠢᠯᠡᠴᠢᠯᠡᠨ ᠮᠡᠳᠡᠭᠦᠯᠬᠦ ᠬᠠᠯᠠᠮᠰᠢᠯ ᠤᠲᠠᠰᠤ᠄ 0472 — 5196015 | ᠢᠯᠡᠴᠢᠯᠡᠨ ᠮᠡᠳᠡᠭᠦᠯᠬᠦ ᠢᠮᠧᠯ᠄ qsthjj702@sina.com | ᠵᠠᠬᠢᠳᠠᠯ ᠶᠠᠪᠤᠭᠤᠯᠬᠤ ᠬᠠᠶ᠋ᠢᠭ᠄ ᠪᠤᠭᠤᠲᠤ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ | ᠲᠣᠪᠴᠢᠶ᠎ᠠ ᠶᠢᠨ ᠴᠢᠩᠱᠠᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ 702 ᠥᠷᠥᠭᠡ | ᠬᠦᠯᠢᠶᠡᠨ ᠠᠪᠬᠤ ᠴᠠᠭ᠄ 8᠄ 30 — 17᠄ 30 | ᠬᠦᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠭᠤᠤᠯᠳᠠᠭᠤ ᠴᠢᠩᠱᠠᠨ ᠲᠣᠭᠤᠷᠢᠭ ᠤᠨ ᠠᠮᠢ ᠠᠬᠤᠶ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠲᠠᠯ᠎ᠠ ᠶᠢᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ | ᠬᠦᠯᠢᠶᠡᠨ ᠠᠪᠴᠤ ᠰᠢᠢᠳᠪᠦᠷᠢᠯᠡᠨ᠎ᠡ᠂ ᠡᠭᠦᠨ ᠳᠤ ᠠᠭᠠᠷ ᠮᠠᠨᠳᠠᠯ ᠤᠨ ᠪᠣᠬᠢᠷᠲᠤᠯ᠂ ᠤᠰᠤᠨ ᠤ ᠪᠣᠬᠢᠷᠲᠤᠯ᠂ ᠬᠥᠷᠥᠰᠥ | ᠰᠢᠷᠣᠶ ᠶᠢᠨ ᠪᠣᠬᠢᠷᠲᠤᠯ᠂ ᠬᠤᠭ ᠨᠣᠪᠰᠢ ᠶᠢ ᠬᠤᠯᠠᠭᠠᠶᠢᠯᠠᠨ ᠤᠨᠠᠭᠠᠬᠤ᠂ ᠠᠮᠢ ᠠᠬᠤᠶ ᠶᠢ ᠡᠪᠳᠡᠬᠦ ᠵᠡᠷᠭᠡ ᠠᠮᠢ | ᠠᠬᠤᠶ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠨᠥᠯᠥᠭᠡᠯᠡᠬᠦ ᠡᠯ᠎ᠡ ᠲᠥᠷᠥᠯ ᠤᠨ ᠠᠰᠠᠭᠤᠳᠠᠯ ᠢ ᠪᠠᠭᠲᠠᠭᠠᠬᠤ | ᠪᠦᠭᠡᠳ ᠬᠢᠵᠠᠭᠠᠷᠯᠠᠬᠤ ᠦᠭᠡᠢ᠃ ᠥᠷᠭᠡᠨ ᠣᠯᠠᠨ ᠬᠤᠲᠠ ᠶᠢᠨ ᠠᠷᠠᠳ ᠠᠮᠢ ᠠᠬᠤᠶ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠰᠠᠭᠤᠳᠠᠯ ᠢ ᠢᠯᠡᠷᠡᠭᠦᠯᠬᠦ ᠪᠠ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠶ ᠣᠷᠣᠯᠴᠠᠵᠤ᠂ ᠠᠮᠢ | ᠠᠬᠤᠶ ᠶᠢᠨ ᠴᠢᠩᠱᠠᠨ ᠲᠣᠭᠤᠷᠢᠭ ᠢ ᠬᠠᠮᠲᠤ ᠪᠠᠷ ᠪᠠᠶᠢᠭᠤᠯᠵᠤ᠂ ᠪᠣᠬᠢᠷᠲᠤᠯ ᠥᠬᠡᠶ ᠰᠢᠨ᠎ᠡ ᠪᠤᠭᠤᠲᠤ ᠶᠢ ᠬᠠᠮᠲᠤ ᠪᠠᠷ | ᠡᠳ᠋ᠯᠡᠬᠦ ᠶᠢ ᠬᠦᠰᠡᠵᠦ ᠪᠠᠶᠢᠨ᠎ᠠ︕ | ᠪᠤᠭᠤᠲᠤ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠴᠢᠩᠱᠠᠨ ᠲᠣᠭᠤᠷᠢᠭ ᠤᠨ | ᠬᠤᠪᠢᠶᠠᠷᠢ ᠲᠣᠪᠴᠢᠶ᠎ᠠ | 2025 ᠣᠨ ᠤ 3 ᠰᠠᠷ᠎ᠠ ᠶᠢᠨ 8 ᠤ ᠡᠳᠦᠷ | | | |