ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠨᠡᠶᠢᠲᠡ ᠶᠢᠨ ᠠᠰᠠᠷᠠᠮᠵᠢ ᠶᠢᠨ ᠡᠮᠴᠢᠯᠡᠭᠡᠨ ᠤ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/3/10
      ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠠᠬᠢᠭᠤᠯᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠪᠠᠶᠢᠭ᠎ᠠ ᠡᠷᠦᠬᠡ ᠶᠢ ᠬᠠᠯᠠᠮᠵᠢᠯᠠᠨ ᠬᠠᠶᠢᠷᠠᠯᠠᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠤᠢᠢᠷ᠎ᠠ ᠶᠢᠨ ᠡᠳᠦᠷ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠴᠢᠩᠱᠠᠨ ᠲᠣᠭᠤᠷᠢᠭ ᠤᠨ ᠠᠮᠠᠨ ᠬᠥᠨᠳᠡᠢ ᠶᠢᠨ ᠡᠭᠦᠳᠡᠨ ᠡᠮᠨᠡᠯᠭᠡ ᠲᠠᠢ ᠬᠠᠮᠲᠤᠷᠠᠨ ᠨᠡᠶᠢᠲᠡ ᠶᠢᠨ ᠠᠰᠠᠷᠠᠮᠵᠢ ᠶᠢᠨ ᠡᠮ ᠡᠮᠨᠡᠯᠭᠡ ᠶᠢᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠪᠤᠢ ᠪᠦᠬᠦᠢ ᠬᠢᠨᠠᠨ ᠬᠡᠮᠵᠢᠬᠦ ᠡᠷᠦᠬᠡ ᠳᠤ ᠠᠮᠠᠨ ᠬᠥᠨᠳᠡᠢ ᠶᠢᠨ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠪᠠ᠃      ᠣᠯᠠᠩᠬᠢ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ‌‍ᠬᠡᠮᠵᠢᠵᠦ ᠪᠠᠶᠢᠭ᠎ᠠ ᠡᠷᠦᠬᠡ ᠳᠤ ᠠᠪᠴᠤ ᠬᠡᠯᠡᠪᠡᠯ᠂ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠮᠡᠳᠡᠯᠭᠡ ᠪᠠᠷ ᠳᠤᠲᠠᠮᠠᠭ ᠪᠠᠶᠢᠵᠤ᠂ ᠬᠢᠨᠠᠨ ᠬᠡᠮᠵᠢᠵᠦ ᠪᠠᠶᠢᠭ᠎ᠠ ᠡᠷᠦᠬᠡ ᠳᠤ ᠰᠦᠢᠳᠭᠡᠯ ᠬᠤᠷᠢᠶᠠᠬᠤ ᠥᠬᠡᠶ ᠪᠤᠶᠤ ᠬᠠᠷᠠᠭᠠᠯᠵᠠᠯ ᠎ ᠲᠠᠢ ᠠᠮᠠᠨ ᠬᠥᠨᠳᠡᠶ ᠶᠢᠨ ᠣᠨᠣᠰᠢᠯᠠᠨ ᠡᠮᠨᠡᠬᠦ ᠦᠢᠯᠡᠴᠢᠯᠡᠭᠡ ᠬᠠᠩᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠲᠡᠳᠡᠨᠤᠰ ᠢ ᠬᠠᠪᠰᠤᠷᠤᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠡᠭᠦᠨ ᠳᠤ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠵᠤ ᠠᠬᠤᠶᠢᠯᠠᠯ ᠢ ᠬᠠᠪᠰᠤᠷᠤᠨ ᠲᠡᠳᠬᠦᠵᠦ ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠵᠣᠷᠢᠯᠭ᠎ᠠ ᠨᠢ ᠡᠮ ᠡᠮᠨᠡᠯᠭᠡ ᠶᠢᠨ ᠬᠠᠪᠰᠤᠷᠤᠯᠭ᠎ᠠ ᠳᠡᠮᠵᠢᠯᠭᠡ ᠪᠠᠷ ᠳᠡᠮᠵᠢᠨ᠂ ᠬᠢᠨᠠᠨ ᠬᠡᠮᠵᠢᠬᠦ ᠡᠷᠦᠬᠡ ᠶᠢᠨ ᠠᠮᠠᠨ ᠬᠥᠨᠳᠡᠶ ᠶᠢᠨ ᠡᠷᠡᠭᠦᠯ ᠮᠡᠨᠳᠦ ᠶᠢᠨ ᠠᠰᠠᠭᠤᠳᠠᠯ ᠢ ᠰᠢᠢᠳᠪᠦᠷᠢᠯᠡᠬᠦ ᠳᠤ ᠲᠥᠬᠦᠮ ᠦᠵᠡᠭᠦᠯᠵᠦ᠂ ᠬᠢᠨᠠᠨ ᠬᠡᠮᠵᠢᠬᠦ ᠡᠷᠦᠬᠡ ᠶᠢᠨ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ ᠶᠤᠮ᠃      ᠳᠠᠷᠠᠭᠠᠴᠢ ᠶᠢᠨ ᠠᠯᠬᠤᠮ ᠳᠤ᠂ ᠮᠠᠨ ᠤ ᠲᠤᠪᠴᠢᠶ᠎ᠠ ᠤᠯᠠᠨ ᠵᠦᠢᠯ ᠤᠨ ᠠᠷᠭ᠎ᠠ ᠬᠡᠮᠵᠢᠶ᠎ᠡ ᠠᠪᠬᠤ ᠶᠢᠨ ᠬᠠᠮᠲᠤ ᠪᠣᠳᠠᠲᠠᠢ ᠶᠠᠪᠤᠳᠠᠯ ᠬᠢᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠰᠢᠯᠭᠠᠬᠤ ᠡᠷᠦᠬᠡ ᠪᠠᠷ ᠬᠦᠷᠴᠦ᠂ ᠲᠡᠳᠡᠨᠤᠰ ᠢ ᠬᠠᠪᠰᠤᠷᠤᠨ ᠠᠮᠢᠳᠤᠷᠠᠯ ᠤᠨ ᠳᠤᠮᠳᠠᠬᠢ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号