3 ᠰᠠᠷ᠎ᠠ ᠶᠢᠨ 5 ᠤ ᠡᠳᠦᠷ᠂ ᠯᠸᠢ ᠹᠧᠩ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠴᠠᠭ ᠦᠶ᠎ᠡ ᠶᠢᠨ | ᠰᠠᠶᠢᠨ ᠪᠠᠭᠠᠴᠤᠳ ᠢ ᠬᠥᠮᠦᠵᠢᠭᠦᠯᠬᠦ ᠶᠢᠨ ᠲᠥᠯᠥᠭᠡ᠂ ᠴᠢᠩᠱᠠᠨ ᠲᠣᠭᠤᠷᠢᠭ ᠤᠨ ᠨᠣᠮ ᠤᠨ ᠰᠠᠩ ︽ᠯᠸᠢ ᠹᠧᠩ ᠠᠴᠠ | ᠰᠤᠷᠤᠯᠴᠠᠵᠤ ᠰᠠᠶᠢᠨ ᠳᠠᠭᠤᠷᠢᠶᠠᠯ ᠠᠴᠠ ᠰᠤᠷᠤᠯᠴᠠᠵᠤ ᠰᠢᠨ᠎ᠡ ᠴᠠᠭ ᠦᠶ᠎ᠡ ᠶᠢᠨ ᠰᠠᠶᠢᠨ ᠪᠠᠭᠠᠴᠤᠳ ᠪᠣᠯᠬᠤ ᠪᠠᠷ | ᠴᠢᠷᠮᠠᠶᠢᠬᠤ︾ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠪᠠ᠃ | ᠬᠥᠳᠡᠯᠭᠡᠭᠡᠨ ᠤ ᠶᠠᠪᠤᠴᠠ ᠳᠤ᠂ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢᠳ ᠨᠣᠮ ᠤᠨ ᠰᠠᠩ ᠳᠤ | ᠣᠷᠭᠢᠯᠤᠮ᠎ᠠ ᠬᠠᠯᠠᠭᠤᠨ ᠰᠡᠳᠬᠢᠯᠭᠡ ᠪᠠᠷ ᠱᠦᠭᠦᠷᠳᠡᠨ ᠠᠷᠢᠯᠭᠠᠬᠤ ᠠᠵᠢᠯ ᠳᠤ ᠣᠷᠣᠯᠴᠠᠵᠤ᠂ ᠲᠡᠳᠡ ᠪᠤᠵᠠᠷ ᠠᠴᠠ | ᠠᠶᠤᠬᠤ ᠦᠭᠡᠢ᠂ ᠶᠠᠳᠠᠷᠠᠬᠤ ᠠᠴᠠ ᠠᠶᠤᠬᠤ ᠦᠭᠡᠢ ᠪᠠᠶᠢᠵᠤ᠂ ᠰᠢᠨ᠎ᠡ ᠴᠠᠭ ᠦᠶ᠎ᠡ ᠶᠢᠨ ᠪᠠᠭᠠᠴᠤᠳ ᠤᠨ ᠡᠭᠦᠷᠭᠡᠯᠡᠯ ᠢ | ᠭᠦᠢᠴᠡᠳ ᠢᠯᠡᠷᠡᠭᠦᠯᠪᠡ᠃ ᠲᠡᠳᠡ ᠬᠠᠮᠢᠶᠠᠷᠤᠭᠴᠢ ᠶᠢ ᠬᠠᠪᠰᠤᠷᠤᠨ ᠨᠣᠮ ᠪᠢᠴᠢᠭ ᠢ ᠲᠠᠯᠪᠢᠭᠤᠷ ᠳᠡᠭᠡᠷ᠎ᠡ ᠲᠠᠯᠪᠢᠭᠠᠳ᠂ | ᠰᠠᠶᠢᠨ ᠳᠤᠷ᠎ᠠ ᠶᠢᠨ ᠦᠢᠯᠡᠴᠢᠯᠡᠭᠴᠢᠳ ᠨᠣᠮ ᠪᠢᠴᠢᠭ ᠢ ᠲᠥᠷᠥᠯ ᠬᠤᠪᠢᠶᠠᠬᠤ ᠪᠠ ᠲᠠᠯᠪᠢᠬᠤ ᠲᠡᠰ ᠳᠠᠷᠠᠭᠠᠯᠠᠯ ᠢ | ᠨᠠᠷᠢᠨ ᠨᠢᠮᠪᠠᠶ ᠬᠠᠷᠭᠤᠭᠤᠯᠵᠤ᠂ ᠤᠤᠯ ᠨᠢ ᠵᠠᠷᠢᠮ ᠡᠮᠬᠢ ᠵᠠᠮᠪᠠᠷᠠᠭ᠎ᠠ ᠦᠭᠡᠢ ᠨᠣᠮ ᠤᠨ ᠵᠢᠶᠠᠰᠠ ᠶᠢ ᠲᠡᠷᠢ ᠲᠡᠭᠰᠢ | ᠡᠮᠬᠢ ᠵᠢᠷᠤᠮ ᠲᠠᠢ ᠪᠤᠯᠭᠠᠪᠠ᠃ ᠪᠢᠴᠢᠬᠠᠨ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠶᠠᠭᠠᠷᠠᠯᠲᠠᠶ ᠪᠠᠶᠢᠳᠠᠯ ᠨᠢ | ᠨᠣᠮ ᠤᠨ ᠰᠠᠩ ᠳᠠᠬᠢ ᠨᠢᠭᠡᠨ ᠦᠵᠡᠰᠬᠦᠯᠡᠩᠲᠦ ᠰᠠᠶᠢᠬᠠᠨ ᠦᠵᠡᠮᠵᠢ ᠶᠢᠨ ᠣᠷᠣᠨ ᠪᠣᠯᠤᠭᠰᠠᠨ ᠪᠠᠶᠢᠨ᠎ᠠ᠃ ᠲᠡᠳᠡ | ᠪᠣᠳᠠᠲᠤ ᠠᠵᠢᠯᠯᠠᠭ᠎ᠠ ᠪᠠᠷ ᠢᠶᠠᠨ ᠯᠸᠢ ᠹᠧᠩ ᠤᠨ ᠵᠣᠷᠢᠭ ᠰᠠᠨᠠᠭᠠᠨ ᠤ ᠠᠭᠤᠯᠤᠭᠳᠠᠬᠤᠨ ᠢ ᠲᠠᠶᠢᠯᠪᠤᠷᠢᠯᠠᠵᠤ᠂ ᠨᠣᠮ ᠤᠨ | ᠰᠠᠩ ᠳᠤ ᠴᠡᠪᠡᠷ ᠴᠡᠮᠴᠡᠭᠡᠷ᠂ ᠲᠠᠭᠠᠯᠠᠮᠵᠢᠲᠠᠶ ᠤᠩᠰᠢᠯᠭ᠎ᠠ ᠶᠢᠨ ᠣᠷᠴᠢᠨ ᠨᠥᠬᠦᠴᠡᠯ ᠢ ᠪᠣᠶ ᠪᠣᠯᠭᠠᠭᠰᠠᠨ ᠢᠶᠠᠷ ᠪᠠᠷᠠᠬᠤ | ᠥᠬᠡᠶ᠂ ᠪᠠᠰᠠ ᠥᠪᠡᠷ ᠢ ᠪᠠᠨ ᠦᠢᠯᠡᠳᠦᠯᠭᠡ ᠶᠢᠨ ᠳᠤᠮᠳᠠ ᠳᠠᠪᠲᠠᠨ ᠪᠣᠯᠪᠠᠰᠤᠷᠠᠭᠤᠯᠪᠠ᠃ | ᠲᠣᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠪᠠᠭᠠᠴᠤᠳ ᠬᠡᠤᠬᠡᠳ ᠤᠨ ᠤᠩᠰᠢᠭᠴᠢᠳ ᠤᠨ | ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠ ᠬᠠᠷᠠᠮ ᠥᠬᠡᠶ ᠵᠣᠷᠢᠭᠤᠯᠬᠤ ᠵᠣᠷᠢᠭ ᠰᠠᠨᠠᠭ᠎ᠠ ᠶᠢ | ᠬᠥᠮᠦᠵᠢᠭᠦᠯᠦᠭᠰᠡᠨ ᠢᠶᠠᠷ ᠪᠠᠷᠠᠬᠤ ᠥᠬᠡᠶ ᠪᠠᠰᠠ ᠯᠸᠢ ᠹᠧᠩ ᠤᠨ ᠵᠣᠷᠢᠭ ᠰᠠᠨᠠᠭ᠎ᠠ ᠶᠢ ᠲᠡᠳᠡᠨᠤᠰ ᠤᠨ ᠰᠡᠳᠬᠢᠯ ᠳᠤ | ᠦᠨᠳᠦᠰᠦᠯᠡᠭᠦᠯᠵᠦ ᠰᠣᠶᠣᠭᠠᠯᠠᠭᠤᠯᠤᠭᠰᠠᠨ ᠪᠠᠶᠢᠨ᠎ᠠ᠃ ᠢᠷᠡᠭᠡᠳᠦᠢ ᠶᠢᠨ ᠡᠳᠦᠷ ᠤᠳ ᠲᠤ᠂ ᠡᠲᠡᠭᠡᠷ ᠰᠢᠨ᠎ᠡ ᠴᠠᠭ | ᠦᠶ᠎ᠡ ᠶᠢᠨ ᠰᠠᠶᠢᠨ ᠪᠠᠭᠠᠴᠤᠳ ᠯᠧᠢ ᠹᠧᠩ ᠤᠨ ᠵᠣᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠨ ᠪᠠᠳᠠᠷᠠᠭᠤᠯᠵᠤ᠂ | ᠥᠪᠡᠷ ᠤᠨ ᠠᠵᠢᠯᠯᠠᠭ᠎ᠠ ᠪᠠᠷ ᠢᠶᠠᠨ ᠬᠠᠶᠢᠷ᠎ᠠ ᠬᠠᠯᠠᠮᠵᠢ ᠶᠢ ᠳᠠᠮᠵᠢᠭᠤᠯᠵᠤ᠂ ᠨᠡᠶᠢᠭᠡᠮ ᠤᠨ ᠬᠥᠭᠵᠢᠯᠲᠡ ᠳᠤ ᠥᠪᠡᠷ ᠤᠨ | ᠬᠦᠴᠦᠨ ᠴᠢᠳᠠᠯ ᠢᠶᠠᠨ ᠡᠷᠭᠦᠬᠦ ᠶᠢ ᠢᠲᠡᠭᠡᠵᠦ ᠪᠠᠶᠢᠨ᠎ᠠ᠃ ᠴᠢᠩᠱᠠᠨ ᠲᠣᠭᠤᠷᠢᠭ ᠤᠨ ᠨᠣᠮ ᠤᠨ ᠰᠠᠩ ᠲᠣᠰ | ᠤᠳᠠᠭᠠᠨ ᠤ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠣᠯᠠᠨ ᠬᠡᠯᠪᠡᠷᠢ ᠶᠢᠨ ᠰᠠᠶᠢᠨ ᠳᠤᠷ᠎ᠠ ᠶᠢᠨ | ᠦᠢᠯᠡᠴᠢᠯᠡᠭᠡᠨ ᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠩ ᠣᠯᠠᠨ ᠤᠩᠰᠢᠭᠴᠢᠳ ᠢ ᠬᠥᠲᠥᠯᠥᠨ | ᠵᠢᠯᠣᠭᠤᠳᠴᠤ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ᠂ ᠯᠸᠢ ᠹᠧᠩ ᠤᠨ ᠵᠣᠷᠢᠭ ᠰᠠᠨᠠᠭ᠎ᠠ ᠶᠢ | ᠨᠣᠮ ᠤᠨ ᠰᠠᠩ ᠡᠨᠡ ᠬᠦ ᠮᠡᠳᠡᠯᠭᠡ ᠶᠢᠨ ᠲᠡᠯᠡᠶ ᠲᠠᠩᠭᠢᠰ ᠲᠤ ᠨᠠᠩ ᠭᠡᠷᠡᠯ ᠭᠢᠯᠪᠠᠭ᠎ᠠ ᠰᠠᠴᠤᠷᠠᠭᠤᠯᠤᠨ᠎ᠠ᠃ | | | | | | |