ᠳ᠋ᠢᠩ ᠺᠠᠶ ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/11
      3 ᠰᠠᠷ᠎ᠠ ᠶᠢᠨ 7 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠬᠤᠷᠢᠶᠠᠨ ᠤ ᠱᠦᠵᠢ ᠳ᠋ᠢᠩ ᠺᠠᠶ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ 2 ᠰᠠᠷ᠎ᠠ ᠶᠢᠨ 28 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠷᠪᠠ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠶᠡᠷᠦᠩᠬᠡᠶ ᠱᠦᠵᠢ ᠰᠢ ᠶᠢᠨ ᠫᠢᠩ ᠤᠨ ᠬᠤᠯᠪᠣᠭᠳᠠᠯ ᠪᠥᠬᠦᠶ ᠨᠥᠬᠦᠳ ᠤᠨ ᠲᠤᠰᠢᠶᠠᠯ ᠤᠨ ᠮᠡᠳᠡᠭᠦᠯᠦᠯᠲᠡ ᠶᠢ ᠬᠢᠨᠠᠨ ᠦᠵᠡᠬᠦ ᠦᠶ᠎ᠡ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠪᠥᠬᠦ ᠲᠤᠭᠤᠷᠢᠭ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠭᠠᠷᠳᠠᠬᠤ ᠴᠡᠭ ᠪᠣᠯᠤᠨ ᠠᠭᠤᠰᠤᠯᠴᠠᠬᠤ ᠴᠡᠭ ᠢ ᠣᠨᠣᠪᠴᠢᠲᠠᠶ ᠣᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠬᠡᠪᠴᠢᠶᠡᠵᠢᠯ ᠠᠴᠠ ᠳᠡᠭᠡᠭᠰᠢ ᠶᠢ ᠪᠦᠷᠢᠳᠭᠡᠯ ᠳᠤ ᠤᠷᠤᠭᠤᠯᠬᠤ᠂ ᠠᠶᠤᠯᠭᠦᠶ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠵᠢᠵᠢᠭᠦᠷᠯᠡᠨ ᠰᠠᠬᠢᠬᠤ᠂ ᠲᠥᠷᠥ ᠶᠢᠨ ᠪᠣᠳᠣᠯᠭ᠎ᠠ ᠶᠢ ᠲᠡᠮᠡᠴᠡᠨ ᠤᠯᠬᠤ ᠵᠡᠷᠭᠡ ᠠᠵᠢᠯ ᠢ ᠨᠢᠭᠡᠳᠦᠯᠲᠡᠶ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠣᠭᠤᠷᠢᠭ ᠤᠨ ᠱᠠᠲᠤᠨ ᠤ ᠤᠳᠤᠷᠢᠳᠤᠯᠭ᠎ᠠ ᠵᠢᠴᠢ ᠬᠠᠷᠢᠭᠤᠴᠠᠯᠭᠠᠲᠤ ᠤᠳᠤᠷᠢᠳᠤᠯᠭ᠎ᠠ ᠪᠡᠶ᠎ᠡ ᠪᠠᠷ ᠢᠶᠠᠨ ᠭᠠᠷᠳᠠᠵᠤ᠂ ᠰᠤᠷᠪᠤᠯᠵᠢᠯᠠᠵᠤ᠂ ᠠᠩᠬᠠᠷᠴᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ 2025 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠤᠨ ᠪᠤᠭᠤᠲᠤ ᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠬᠤᠯᠪᠣᠭᠳᠠᠯ ᠪᠦᠬᠦᠢ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠪᠠ᠃ ᠬᠡᠪ ᠤᠨ ᠵᠤᠷᠰᠢᠯ ᠠᠴᠠ ᠳᠠᠪᠠᠭᠤᠯᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶ ᠠᠬᠢᠭᠤᠯᠵᠤ᠂ ᠨᠡᠶᠢᠲᠡᠯᠢᠭ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠲᠦᠷᠭᠡᠨ ᠰᠢᠢᠳᠪᠦᠷᠢᠯᠡᠵᠦ᠂ ᠲᠦᠷᠢᠮ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠷᠠᠳ ᠣᠯᠠᠨ ᠳᠤ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ ᠢᠯᠵᠠᠷᠠᠯ ᠢ ᠡᠰᠡᠷᠭᠦᠴᠡᠬᠦ ᠡᠷᠴᠢᠮ ᠪᠠ ᠬᠤᠪᠢᠷᠠᠯᠲᠠ ᠶᠢ ᠬᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠤᠰᠤᠲᠤ ᠵᠡᠭᠡᠯᠢ ᠭᠤᠳᠤᠮᠵᠢ ᠶᠢᠨ ᠨᠡᠶᠢᠭᠡᠮ ᠲᠣᠭᠤᠷᠢᠭ ᠢ ᠨᠡᠮᠡᠵᠦ ᠪᠠᠶᠢᠭᠤᠯᠬᠤ  ᠲᠤᠬᠠᠶ ᠰᠠᠨᠠᠯ︾ ᠢ ᠰᠤᠳᠤᠯᠤᠨ ᠬᠢᠨᠠᠨ ᠵᠥᠪᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠪᠠ ᠠᠵᠢᠯ ᠤᠨ ᠴᠤᠪᠤᠷᠠᠯ ᠢ ᠴᠢᠩᠭ᠎ᠠ ᠵᠢᠷᠤᠮᠯᠠᠨ᠂ ᠰᠢᠯᠵᠢᠯᠲᠡ ᠶᠢ ᠵᠣᠯᠭᠠᠭᠤᠯᠬᠤ ᠶᠢ ᠰᠠᠶᠢᠲᠤᠷ ᠬᠢᠵᠦ᠂ ᠨᠡᠶᠢᠭᠡᠮ ᠲᠣᠭᠤᠷᠢᠭ ᠤᠨ ᠠᠵᠢᠯᠲᠠᠨ ᠢ ᠠᠯᠢ ᠲᠦᠷᠭᠡᠨ ᠢᠶᠠᠷ ᠰᠣᠩᠭᠤᠨ ᠳᠣᠭᠢᠷᠠᠭᠤᠯᠵᠤ᠂ ᠨᠡᠶᠢᠭᠡᠮ ᠤᠨ ᠤᠬᠠᠭᠤᠯᠭ᠎ᠠ᠂ ᠭᠠᠵᠠᠷ ᠤᠨ ᠵᠢᠷᠤᠭ ᠢ ᠬᠠᠯᠠᠵᠤ ᠳᠣᠭᠢᠷᠠᠭᠤᠯᠬᠤ ᠵᠡᠷᠭᠡ ᠠᠵᠢᠯ ᠢ ᠵᠡᠷᠭᠡ ᠪᠠᠷ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽ᠴᠢᠩᠱᠠᠨ ᠲᠣᠭᠤᠷᠢᠭ ᠤᠨ ᠭᠤᠣᠯᠳᠠᠯᠭ᠎ᠠ ᠲᠠᠢ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠤᠨ ᠪᠣᠭᠤᠮᠲᠠ ᠰᠢᠪᠲᠤᠯᠬᠤ ᠲᠤᠰᠬᠠᠢ ᠠᠵᠢᠯᠯᠠᠭ᠎ᠠ ᠶᠢᠨ ᠲᠥᠰᠦᠯ︾ ᠢ ᠰᠤᠳᠤᠯᠤᠨ ᠬᠢᠨᠠᠨ ᠵᠥᠪᠯᠡᠵᠦ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠬᠢᠷᠠᠭᠤᠯᠤᠨ ᠵᠣᠬᠢᠴᠠᠭᠤᠯᠵᠤ᠂ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠵᠤ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠴᠠᠭ ᠤᠨ ᠬᠢᠵᠠᠭᠠᠷ ᠢᠶᠠᠷ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠵᠦ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠤ ᠠᠮᠢ ᠠᠬᠤᠢ ᠶᠢᠨ ᠬᠠᠯᠬᠠᠪᠴᠢ ᠶᠢ ᠪᠠᠬᠢᠵᠢᠭᠦᠯᠬᠦ ᠳᠤ ᠴᠢᠩ ᠱᠠᠨ ᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠪᠤᠭᠤᠲᠤ ᠬᠤᠲᠠ ᠶᠢᠨ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠦᠨᠵᠡᠭᠡᠶ ᠰᠤᠷᠤᠯᠴᠠᠨ ᠣᠶᠢᠯᠠᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠬᠤ ᠠᠵᠢᠯ ᠢ ᠴᠢᠩᠭ᠎ᠠ ᠪᠣᠳᠠᠲᠠᠶ ᠰᠠᠶᠢᠲᠤᠷ ᠠᠳᠬᠤᠵᠤ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠦᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠲᠣᠭᠤᠷᠢᠨ ᠳᠤ᠂ ᠡᠯ᠎ᠡ ᠬᠦᠷᠢᠶᠡᠨ ᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠥᠷᠨᠢᠭᠦᠯᠵᠦ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ᠂ ᠤᠬᠠᠭᠤᠯᠭ᠎ᠠ ᠶᠢᠨ ᠳᠠᠪᠠᠭᠤᠯᠢᠭ᠂ ᠨᠢᠭᠡᠳᠦᠮᠡᠯ ᠹᠷᠣᠨᠲ ᠤᠨ ᠳᠠᠪᠠᠭᠤᠯᠢᠭ ᠢ ᠬᠥᠭᠵᠢᠯᠲᠡ ᠶᠢᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠪᠥᠬᠦ ᠲᠤᠭᠤᠷᠢᠭ ᠤᠨ ᠬᠤᠲᠠ ᠬᠥᠳᠡᠭᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠪᠡᠷᠯᠡᠬᠦ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ᠂ ᠬᠤᠲᠠ ᠶᠢᠨ ᠶᠠᠪᠤᠳᠠᠯ ᠤᠨ ᠬᠠᠮᠠᠭᠠᠯᠠᠯᠲᠠ ᠶᠢ ᠨᠢᠭᠡ ᠴᠣᠭᠴᠠᠵᠢᠭᠤᠯᠤᠭᠰᠠᠨ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠢᠯᠡᠴᠢᠯᠡᠭᠡᠨ ᠤ ᠵᠦᠢᠯᠡᠰ ᠢ ᠣᠷᠬᠢᠭᠳᠠᠭᠤᠯᠬᠤ ᠥᠬᠡᠶ᠂ ᠪᠦᠬᠦᠨ ᠢ ᠬᠠᠮᠤᠷᠬᠤ ᠶᠢ ᠦᠨᠡᠨ ᠬᠦ ᠪᠠᠲᠤᠯᠠᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠢ ᠬᠢᠨᠠᠨ ᠬᠠᠮᠢᠶᠠᠷᠴᠤ ᠬᠢᠨᠠᠨ ᠰᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠨᠢᠭᠡ ᠴᠣᠭᠴᠠᠵᠢᠭᠤᠯᠤᠭᠰᠠᠨ ᠠᠵᠢᠯᠯᠠᠭᠠᠨ ᠤ ᠶᠠᠰᠤ ᠴᠢᠨᠠᠷ ᠦᠷ᠎ᠡ ᠪᠦᠲᠦᠮᠵᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ︽2024 ᠣᠨ ᠤ ᠴᠢᠩᠱᠠᠨ ᠲᠣᠭᠤᠷᠢᠭ ᠤᠨ ᠨᠠᠮ ᠤᠨ ᠰᠦᠢᠳᠬᠡᠯ ᠢ ᠬᠤᠷᠢᠶᠠᠨ ᠠᠪᠴᠤ ᠬᠡᠷᠡᠭᠯᠡᠭᠰᠡᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ︾ ᠶᠢ ᠰᠣᠨᠣᠰᠴᠤ᠂ ᠨᠠᠮ ᠤᠨ ᠰᠦᠢᠳᠬᠡᠯ ᠢ ᠬᠤᠷᠢᠶᠠᠨ ᠠᠪᠬᠤ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠵᠤ᠂ ︽ᠲᠠᠪᠤᠨ ᠦᠨᠳᠦᠰᠦᠨ ᠬᠡᠷᠡᠭᠴᠡᠭᠡ︾ ᠪᠠ ︽ᠵᠢᠷᠭᠤᠭᠠᠨ ᠵᠦᠢᠯ ᠤᠨ ᠪᠣᠳᠠᠲᠠᠢ ᠬᠡᠷᠡᠭᠯᠡᠬᠦ ᠲᠦᠷᠦᠯ ᠵᠦᠢᠯ︾ ᠲᠠᠢ ᠨᠢᠭᠲᠠ ᠤᠶᠠᠯᠳᠤᠭᠤᠯᠤᠨ᠂ ︽ᠬᠤᠶᠠᠷ ᠰᠢᠨ᠎ᠡ︾ ᠶᠢᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠪᠤᠰᠤᠳ ᠬᠡᠷᠡᠭᠴᠡᠭᠡ ᠲᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠲᠡᠰᠢ ᠭᠤᠣᠯᠳᠠᠯᠭ᠎ᠠ ᠲᠠᠢ ᠪᠠᠷ ᠬᠡᠯᠪᠠᠶᠢᠯᠭᠡᠵᠦ᠂ ᠨᠠᠮ ᠤᠨ ᠰᠦᠢᠳᠬᠡᠯ ᠢ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠳᠠᠮᠵᠢᠭᠤᠯᠬᠤ᠂ ᠪᠣᠳᠠᠲᠠᠢ ᠬᠦᠴᠢᠷᠳᠡᠯ ᠢ ᠰᠢᠢᠳᠪᠦᠷᠢᠯᠡᠬᠦ᠂ ᠨᠠᠮ ᠤᠨ ᠰᠡᠳᠬᠢᠯ ᠠᠷᠠᠳ ᠤᠨ ᠰᠡᠳᠬᠢᠯ ᠢ ᠨᠢᠭᠲᠠᠷᠠᠭᠤᠯᠬᠤ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠲᠤᠭᠤᠷᠢᠭ ᠤᠨ ᠨᠠᠮ ᠤᠨ ᠬᠤᠷᠢᠶᠠᠨ ᠤ 2024 ᠣᠨ ᠤ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠬᠡᠷᠡᠭᠵᠢᠭᠦᠯᠬᠦ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠤᠨ ᠱᠠᠭᠠᠷᠳᠠᠯᠭ᠎ᠠ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠵᠤ᠂ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠤᠨ ᠠᠵᠢᠯ ᠤᠨ ᠳᠦᠷᠢᠮᠵᠢᠯᠲᠡ᠂ ᠪᠠᠶᠢᠩᠭᠤᠵᠢᠯᠲᠠ ᠶᠢ ᠦᠷᠭᠦᠯᠵᠢᠯᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号