3 ᠰᠠᠷ᠎ᠠ ᠶᠢᠨ 7 ᠤ ᠡᠳᠦᠷ ᠤᠨ ᠦᠳᠡ ᠶᠢᠨ ᠡᠮᠦᠨ᠎ᠡ᠂ ᠪᠤᠭᠤᠲᠤ ᠶᠢᠨ ᠲᠤᠨᠤᠭ ᠲᠥᠬᠦᠭᠡᠷᠦᠮᠵᠢ ᠦᠢᠯᠡᠳᠬᠦ | ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠣᠯᠤᠨ ᠴᠢᠩᠱᠠᠨ ᠲᠣᠭᠤᠷᠢᠭ ᠤᠨ | ᠡᠳ᠋ ᠤᠨ ᠵᠠᠰᠠᠭ ᠤᠨ ᠲᠣᠪᠴᠢᠶ᠎ᠠ ᠬᠠᠮᠲᠤᠪᠠᠷ ︽ᠪᠠᠩᠬᠢ ᠠᠵᠤ ᠠᠬᠤᠶᠢᠯᠠᠯ ᠳᠠᠪᠠᠭᠤᠯᠢᠭ ᠢᠶᠠᠨ ᠲᠦᠪᠯᠡᠷᠡᠭᠦᠯᠵᠦ᠂ | ᠬᠦᠷᠢᠶᠡᠯᠡᠩ ᠲᠣᠭᠤᠷᠢᠭ ᠤᠨ ᠰᠢᠨ᠎ᠡ ᠠᠶᠠᠯᠠᠯ ᠢᠶᠠᠨ ᠡᠬᠢᠯᠡᠭᠦᠯᠬᠦ︾ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠤᠷᠠᠯ | ᠬᠤᠷᠠᠯᠳᠤᠭᠤᠯᠪᠠ᠃ ᠡᠯ᠎ᠡ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠬᠡᠰᠡᠭ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠨᠡᠶᠢᠳᠡ 35 ᠬᠥᠮᠦᠨ ᠬᠤᠷᠠᠯ ᠳᠤ ᠣᠷᠣᠯᠴᠠᠪᠠ᠃ | ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ | ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠠᠬᠤᠢ ᠪᠠᠶᠢᠳᠠᠯ ᠳᠣᠣᠷ᠎ᠠ᠂ ᠴᠢᠩᠱᠠᠨ ᠲᠣᠭᠤᠷᠢᠭ ᠲᠤᠰ | ᠤᠳᠠᠭ᠎ᠠ ᠶᠢᠨ ᠬᠤᠷᠠᠯ ᠢ ᠬᠤᠷᠠᠯᠳᠤᠭᠤᠯᠤᠭᠰᠠᠨ ᠨᠢ ︽3+5+N︾ ᠠᠵᠤ ᠦᠢᠯᠡᠰ ᠤᠨ ᠬᠥᠭᠵᠢᠯᠲᠡ ᠶᠢᠨ | ᠰᠢᠰᠲ᠋ᠧᠮ ᠤᠨ ᠪᠠᠶᠢᠭᠤᠯᠤᠯᠲᠠ ᠶᠢ ᠲᠤᠭᠤᠰᠢᠯᠠᠭᠤᠯᠬᠤ ᠪᠣᠳᠠᠲᠠᠢ ᠦᠢᠯᠡᠳᠦᠯᠭᠡ ᠪᠣᠯᠬᠤ ᠪᠠᠷ ᠪᠠᠷᠠᠬᠤ ᠦᠭᠡᠢ᠂ ᠪᠠᠰᠠ | ᠴᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠪᠣᠯᠤᠨ ᠲᠣᠭᠠᠴᠢᠯᠠᠭᠰᠠᠨ ᠮᠥᠩᠭᠦᠨ ᠭᠦᠢᠯᠭᠡᠭᠡᠨ ᠤ | ᠭᠦᠨᠵᠡᠭᠡᠢ ᠠᠭᠤᠰᠤᠯᠴᠠᠯ ᠢ ᠠᠬᠢᠭᠤᠯᠬᠤ ᠴᠢᠬᠤᠯᠠ ᠠᠵᠢᠯᠯᠠᠭ᠎ᠠ ᠪᠣᠯᠤᠨ᠎ᠠ᠃ | ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠢᠨ ᠠᠵᠤ ᠠᠬᠤᠶᠢᠯᠠᠯ ᠤᠨ | ᠦᠨᠳᠦᠰᠦᠨ ᠪᠠᠶᠢᠳᠠᠯ᠂ ᠬᠥᠭᠵᠢᠯᠲᠡ ᠶᠢᠨ ᠲᠥᠯᠥᠪᠵᠢᠭᠦᠯᠭᠡ ᠵᠢᠴᠢ ᠣᠳᠣᠬᠠᠨ ᠤ ᠪᠡᠯᠡ ᠲᠣᠬᠢᠷᠠᠭᠤᠯᠭ᠎ᠠ ᠶᠢᠨ | ᠬᠡᠷᠡᠭᠴᠡᠭᠡ ᠱᠠᠭᠠᠷᠳᠠᠯᠭ᠎ᠠ ᠶᠢᠨ ᠬᠦᠴᠢᠷᠳᠡᠯ ᠢ ᠲᠠᠨᠢᠯᠴᠠᠭᠤᠯᠪᠠ︔ ᠡᠯ᠎ᠡ ᠪᠠᠩᠬᠢ ᠶᠢᠨ ᠲᠥᠯᠥᠭᠡᠯᠡᠭᠴᠢᠳ ᠤᠨᠴᠠᠯᠢᠬᠳᠤ | ᠢᠲᠡᠭᠡᠮᠵᠢᠲᠦ ᠵᠢᠭᠡᠯᠡᠯᠭᠡ ᠶᠢᠨ ᠦᠢᠯᠡᠳᠬᠦᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠲᠥᠰᠦᠯ ᠢᠶᠠᠨ ᠲᠡᠰ | ᠳᠠᠷᠠᠭᠠᠯᠠᠨ ᠲᠠᠨᠢᠯᠴᠠᠭᠤᠯᠪᠠ︔ ᠳᠠᠷᠠᠭ᠎ᠠ ᠨᠢ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠬᠢᠨ ᠪᠠᠩᠬᠢ ᠲᠠᠢ | ᠰᠠᠨᠠᠯ ᠢᠶᠠᠨ ᠰᠣᠯᠢᠯᠴᠠᠵᠤ ᠶᠠᠷᠢᠯᠴᠠᠬᠤ ᠬᠤᠷᠠᠯ ᠬᠢᠵᠦ᠂ ᠬᠡᠰᠡᠭ ᠠᠵᠤ ᠠᠬᠤᠶᠢᠯᠠᠯ ᠪᠣᠯᠤᠨ ᠮᠥᠩᠭᠦᠨ ᠭᠦᠢᠯᠭᠡᠭᠡᠨ ᠤ | ᠪᠠᠶᠢᠭᠤᠯᠤᠮᠵᠢ ᠠᠩᠬ᠎ᠠ ᠠᠯᠬᠤᠮ ᠬᠠᠮᠲᠤᠷᠠᠯᠴᠠᠭᠠᠨ ᠤ ᠰᠠᠨᠠᠮᠵᠢ ᠲᠣᠭᠲᠠᠪᠠ᠃ | ᠲᠣᠰ ᠤᠳᠠᠭᠠᠨ ᠤ ᠬᠤᠷᠠᠯ ᠳᠡᠭᠡᠷ᠎ᠡ ᠭᠤᠷᠪᠠᠨ ᠵᠠᠩᠭᠢᠯᠠᠭ᠎ᠠ ᠶᠢᠨ ᠬᠠᠷᠠᠯᠲᠠ ᠳᠤ ᠠᠩᠬᠠᠷᠤᠯ ᠢᠶᠠᠨ | ᠲᠦᠪᠯᠡᠷᠡᠭᠦᠯᠪᠡ᠄ ᠨᠢᠭᠡ ᠳᠤ ᠲᠥᠪ ᠠᠴᠠ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠠᠩᠬᠢ ᠶᠢᠨ ᠦᠢᠯᠡᠰ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠳᠤᠮᠳᠠ ᠵᠢᠵᠢᠭ ᠪᠢᠴᠢᠯ ᠠᠵᠤ | ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠶᠠᠷ ᠲᠤ ᠳᠤᠮᠳᠠ ᠪᠠᠭ᠎ᠠ ᠵᠢᠵᠢᠭ ᠠᠵᠤ | ᠠᠬᠤᠶᠢᠯᠠᠯ ᠤᠨ ᠪᠡᠯᠡ ᠲᠣᠬᠢᠷᠠᠭᠤᠯᠬᠤ ᠳᠤ ᠬᠦᠴᠢᠷᠲᠡᠶ᠂ ᠪᠡᠯᠡ ᠲᠣᠬᠢᠷᠠᠭᠤᠯᠬᠤ ᠳᠤ ᠦᠨᠡᠲᠡᠶ᠂ ᠪᠡᠯᠡ | ᠲᠣᠬᠢᠷᠠᠭᠤᠯᠬᠤ ᠳᠤ ᠤᠳᠠᠭᠠᠨ ᠵᠡᠷᠭᠡ ᠪᠣᠳᠠᠲᠠᠶ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃ ᠭᠤᠷᠪᠠ ᠳᠤ᠂ | ︽ᠵᠣᠷᠢᠭᠲᠠᠶ ᠪᠠᠷ ᠵᠢᠭᠡᠯᠡᠯᠭᠡ ᠲᠠᠯᠪᠢᠬᠤ᠂ ᠳᠤᠷᠠᠲᠠᠶ᠎ᠠ ᠵᠢᠭᠡᠯᠡᠯᠭᠡ ᠲᠠᠯᠪᠢᠬᠤ᠂ ᠵᠢᠭᠡᠯᠡᠯᠭᠡ ᠠᠪᠴᠤ ᠴᠢᠳᠠᠬᠤ︾ ᠣᠷᠳᠣ | ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠵᠣᠬᠢᠶᠠᠨ ᠪᠠᠶᠢᠭᠤᠯᠤᠨ ᠪᠠᠶᠢᠭᠤᠯᠵᠤ᠂ ᠠᠵᠤ ᠠᠬᠤᠶᠢᠯᠠᠯ ᠢ ᠦᠨᠡᠨ ᠬᠦ | ᠪᠦᠲᠦᠮᠵᠢᠲᠡᠶ ᠪᠠᠷ ᠬᠠᠪᠰᠤᠷᠤᠨ ᠪᠠᠯᠠ ᠲᠣᠬᠢᠷᠠᠭᠤᠯᠭ᠎ᠠ ᠶᠢᠨ ᠠᠰᠠᠭᠤᠳᠠᠯ ᠢ ᠰᠢᠢᠳᠪᠦᠷᠢᠯᠡᠨ᠎ᠡ᠃ | ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠡᠯ᠎ᠡ ᠡᠭᠦᠷᠭᠡ ᠴᠢᠳᠠᠪᠬᠢᠲᠤ ᠰᠠᠯᠠᠭ᠎ᠠ | ᠮᠥᠴᠢᠷ ᠤᠨ ᠬᠢᠨ ᠪᠠᠶᠢᠩᠭᠤᠵᠢᠭᠰᠠᠨ ᠲᠣᠭᠲᠠᠴᠠ ᠶᠢ ᠪᠠᠶᠢᠭᠤᠯᠵᠤ᠂ ᠤᠯᠠᠨ ᠬᠡᠯᠪᠡᠷᠢ ᠪᠠᠷ ︽ᠵᠠᠰᠠᠭ ᠪᠠᠩᠬᠢ ᠠᠵᠤ | ᠠᠬᠤᠶᠢᠯᠠᠯ︾ ᠤᠨ ᠰᠣᠯᠢᠯᠴᠠᠭᠠᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠪᠣᠯᠤᠨ | ᠮᠥᠩᠭᠦᠨ ᠭᠦᠢᠯᠭᠡᠭᠡᠨ ᠤ ᠪᠠᠶᠢᠭᠤᠯᠤᠮᠵᠢ ᠳᠤ ᠰᠣᠯᠢᠯᠴᠠᠭ᠎ᠠ ᠵᠣᠯᠭᠠᠯᠴᠠᠭ᠎ᠠ ᠶᠢᠨ ᠦᠢᠯᠡᠴᠢᠯᠡᠭᠡᠨ ᠤ ᠡᠬᠡ ᠲᠠᠩᠰᠠ ᠶᠢ | ᠪᠠᠶᠢᠭᠤᠯᠵᠤ᠂ ᠪᠠᠩᠬᠢ ᠠᠵᠤ ᠠᠬᠤᠶᠢᠯᠠᠯ ᠢ ᠵᠣᠯᠭᠠᠭᠤᠯᠬᠤ ᠬᠠᠮᠲᠤᠷᠠᠯᠴᠠᠭᠠᠨ ᠤ ᠠᠬᠢᠴᠠ ᠶᠢᠨ ᠪᠠᠶᠢᠳᠠᠯ ᠢ ᠮᠥᠷᠳᠡᠨ | ᠲᠡᠮᠳᠡᠭᠯᠡᠵᠦ᠂ ᠦᠷ᠎ᠡ ᠪᠦᠲᠦᠮᠵᠢ ᠪᠠᠨ ᠳ᠋ᠦᠩᠨᠡᠵᠦ᠂ ᠲᠤᠷᠰᠢᠯᠭ᠎ᠠ ᠪᠠᠨ ᠳᠡᠯᠭᠡᠷᠡᠭᠦᠯᠵᠦ᠂ ᠮᠥᠩᠭᠦᠨ ᠭᠦᠢᠯᠭᠡᠭᠡᠨ ᠤ ᠪᠠᠲᠤ | ᠴᠢᠩᠭ᠎ᠠ ᠦᠢᠯᠡᠴᠢᠯᠡᠭᠡ ᠪᠠᠷ ᠬᠦᠷᠢᠶᠡᠯᠡᠩ ᠲᠣᠭᠤᠷᠢᠭ ᠤᠨ ᠪᠣᠳᠠᠲᠤ ᠴᠣᠭᠴᠠ ᠶᠢᠨ ᠠᠵᠤ ᠠᠬᠤᠢ ᠶᠢᠨ | ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠳᠤ ᠪᠣᠳᠠᠲᠤ ᠬᠦᠴᠦᠨ ᠢ ᠨᠡᠮᠡᠭᠳᠡᠭᠦᠯᠵᠦ᠂ ᠬᠥᠳᠡᠯᠭᠡᠬᠦ ᠬᠦᠴᠦᠨ | ᠨᠡᠮᠡᠷᠢᠯᠡᠵᠦ᠂ ᠵᠠᠰᠠᠭ ᠪᠠᠩᠬᠢ ᠠᠵᠤ ᠠᠬᠤᠶᠢᠯᠠᠯ ᠭᠤᠷᠪᠠᠨ ᠲᠠᠯ᠎ᠠ ᠶᠢ ᠪᠦᠲᠦᠮᠵᠢᠲᠡᠢ ᠵᠣᠯᠭᠠᠭᠤᠯᠬᠤ᠂ ᠰᠠᠶᠢᠨ | ᠬᠥᠳᠡᠯᠦᠯᠴᠡᠬᠦ᠂ ᠬᠠᠮᠲᠤᠪᠠᠷ ᠬᠥᠭᠵᠢᠬᠦ ᠪᠠᠶᠢᠷᠢᠰᠢᠯ ᠢ ᠪᠦᠷᠢᠯᠳᠦᠭᠦᠯᠦᠨ᠎ᠡ᠃ | | | | | | |