ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/12
      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠶᠠᠨ ᠤ ᠬᠡᠪᠴᠢᠶᠡᠨ ᠤ ᠭᠦᠢᠯᠭᠡᠭᠡᠨ ᠤ ᠰᠢᠰᠲ᠋ᠧᠮᠵᠢ ᠶᠢᠨ ᠪᠠᠢᠭᠤᠯᠤᠯᠲᠠ ᠶᠢᠨ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ ᠴᠢᠳᠠᠪᠤᠷᠢᠲᠠᠨ ᠤᠷᠢᠵᠤ ᠣᠶᠤᠨ ᠤᠬᠠᠭᠠᠨ ᠣᠷᠣᠭᠤᠯᠬᠤ ᠵᠢᠴᠢ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠬᠤ ᠶᠢᠨ ᠲᠥᠯᠥᠭᠡ᠂ 3 ᠰᠠᠷ᠎ᠠ ᠶᠢᠨ 12᠎ ᠤ ᠡᠳᠦᠷ᠂ ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ  ᠬᠦᠴᠦᠷᠬᠡᠭᠵᠢᠯ ᠵᠠᠬ᠎ᠠ ᠳᠡᠯᠭᠡᠭᠦᠷ ᠤᠨ ᠰᠤᠯᠠ ᠪᠠᠶᠢᠬᠤ ᠡᠳ᠋ ᠬᠥᠷᠥᠩᠭᠡ ᠶᠢ ᠲᠠᠰ ᠳᠡᠪᠰᠢᠭᠦᠯᠦᠨ ᠥᠭᠡᠷᠡᠴᠢᠯᠡᠬᠦ ᠵᠢᠴᠢ ᠬᠤᠳᠠᠯᠳᠤᠭᠠᠴᠢᠨ ᠤᠷᠢᠬᠤ ᠬᠠᠮᠲᠤᠷᠠᠯᠴᠠᠭᠠᠨ ᠤ ᠲᠤᠬᠠᠶ ᠪᠤᠭᠤᠲᠤ ᠬᠤᠲᠠ ᠶᠢᠨ ᠰᠢᠨ ᠱᠠᠩ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢ ᠤᠷᠢᠵᠤ ᠶᠠᠷᠢᠯᠴᠠᠬᠤ ᠬᠤᠷᠠᠯ ᠬᠢᠪᠠ᠃ ᠬᠤᠶᠠᠷ ᠡᠲᠡᠭᠡᠳ ᠢᠶᠠᠷ ᠢᠶᠠᠨ ᠣᠳᠣᠬᠢᠴᠢᠯᠠᠭᠰᠠᠨ ᠲᠠᠷᠢᠶᠠᠯᠠᠩ ᠤᠨ ᠪᠦᠲᠦᠭᠡᠭᠳᠡᠬᠦᠨ ᠤ ᠭᠦᠢᠯᠭᠡᠭᠡᠨ ᠤ ᠲᠠᠪᠴᠠᠩ ᠢ ᠪᠠᠶᠢᠭᠤᠯᠬᠤ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠬᠦ ᠶᠢᠨ ᠲᠣᠭᠤᠷᠢᠨ ᠳᠤ ᠤᠯᠠᠨ ᠵᠦᠢᠯ ᠤᠨ ᠬᠠᠮᠲᠤ ᠶᠢᠨ ᠲᠠᠨᠢᠯᠲᠠ ᠲᠠᠢ ᠪᠣᠯᠪᠠ᠃      ᠨᠢᠭᠡ᠂ ᠵᠠᠬ᠎ᠠ ᠳᠡᠯᠭᠡᠭᠦᠷ ᠤᠨ ᠴᠢᠳᠠᠮᠵᠢ ᠶᠢ ᠣᠨᠣᠪᠴᠢᠲᠠᠶ ᠲᠣᠭᠲᠠᠭᠠᠵᠤ᠂ ᠨᠢᠭᠡ ᠥᠷᠲᠡᠭᠡ ᠮᠠᠶ᠋ᠢᠭ ᠤᠨ ᠬᠤᠳᠠᠯᠳᠤᠨ ᠠᠪᠬᠤ ᠵᠠᠩᠭᠢᠯᠠᠭ᠎ᠠ ᠶᠢ ᠪᠣᠶ ᠪᠣᠯᠭᠠᠨ᠎ᠠ      ᠪᠤᠭᠤᠲᠤ ᠬᠤᠲᠠ ᠶᠢᠨ ᠰᠢᠨ ᠱᠠᠩ ᠬᠤᠳᠠᠯᠳᠤᠭᠠᠨ ᠤ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠬᠦᠴᠦᠷᠬᠡᠭᠵᠢᠯ ᠵᠠᠬ᠎ᠠ ᠳᠡᠯᠭᠡᠭᠦᠷ ᠤᠨ ᠲᠠᠰ ᠳᠡᠪᠰᠢᠬᠦ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠪᠠ᠃ ᠨᠢᠭᠡ ᠳᠤ᠂ ᠣᠨᠴᠠᠯᠢᠭᠲᠤ ᠡᠵᠡᠩᠨᠡᠯᠲᠡ ᠶᠢᠨ ᠬᠡᠯᠪᠡᠷᠢ ᠶᠢᠨ ᠪᠠᠶᠢᠷᠢᠯᠠᠭᠤᠯᠤᠯᠲᠠ᠃ 1000 ᠲᠦᠮᠡᠨ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠥᠪᠥᠷ ᠮᠣᠩᠭᠤᠯ ᠤᠨ ᠠᠩᠬᠠᠳᠠᠭᠴᠢ ᠦᠬᠡᠷ ᠬᠤᠨᠢᠨ ᠮᠢᠬ᠎ᠠ ᠶᠢᠨ ᠬᠡᠲᠦ ᠵᠠᠬ᠎ᠠ ᠳᠡᠯᠭᠡᠭᠦᠷ ᠢ ᠪᠣᠶ ᠪᠣᠯᠭᠠᠵᠤ᠂ ᠬᠦᠢᠲᠡᠨ ᠰᠣᠷᠭᠤᠭ ᠮᠢᠬ᠎ᠠ᠂ ᠬᠡᠰᠡᠭᠯᠡᠭᠰᠡᠨ ᠮᠢᠬ᠎ᠠ᠂ ᠤᠷᠢᠳᠴᠢᠯᠠᠨ ᠬᠢᠭᠰᠡᠨ ᠨᠣᠭᠤᠭ᠎ᠠ ᠵᠡᠷᠭᠡ ᠪᠥᠬᠦ ᠲᠥᠷᠥᠯ ᠤᠨ ᠪᠦᠲᠦᠭᠡᠭᠳᠡᠬᠦᠨ ᠢ ᠬᠠᠮᠤᠷᠬᠤ ᠶᠢᠨ ᠬᠠᠮᠲᠤ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ ᠲᠥᠪ ᠢ ᠢᠵᠢ ᠪᠥᠷᠢᠳᠦᠭᠦᠯᠦᠨ᠎ᠡ᠃ ᠬᠤᠶᠠᠷ ᠲᠤ ᠣᠯᠠᠨ ᠡᠰᠢᠲᠦ ᠡᠵᠡᠩᠨᠡᠯᠲᠡ ᠶᠢᠨ ᠵᠠᠭᠪᠤᠷ᠃ ᠰᠣᠳᠣᠨ ᠨᠠᠷᠠᠲᠤ ᠲᠥᠷᠥᠯ ᠲᠡᠮᠳᠡᠭᠲᠦ ᠶᠢᠨ ᠳᠠᠩᠰᠠᠨ ᠡᠷᠦᠬᠡ᠂ ᠪᠡᠶᠡᠴᠢᠯᠡᠨ ᠣᠶᠢᠯᠠᠭᠠᠬᠤ ᠲᠣᠭᠤᠷᠢᠭ ᠵᠢᠴᠢ ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠬᠡ ᠶᠢᠨ ᠬᠤᠳᠠᠯᠳᠤᠨ ᠠᠪᠬᠤ ᠲᠤᠰᠬᠠᠶ ᠲᠣᠭᠤᠷᠢᠭ ᠢ ᠳᠣᠭᠢᠷᠠᠭᠤᠯᠵᠤ᠂ B ᠦᠵᠦᠭᠦᠷ ᠤᠨ ᠬᠡᠷᠡᠭᠯᠡᠭᠴᠢ ᠶᠢᠨ ᠲᠥᠪᠯᠡᠷᠡᠭᠦᠯᠦᠨ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠭᠤᠷᠪᠠ ᠳᠤ᠂ ᠲᠣᠭᠠᠴᠢᠯᠠᠭᠰᠠᠨ ᠲᠠᠪᠴᠠᠩ ᠢ ᠪᠠᠶᠢᠭᠤᠯᠤᠨ᠎ᠠ᠃ ᠦᠬᠡᠷ ᠬᠤᠨᠢᠨ ᠮᠢᠬ᠎ᠠ᠂ ᠡᠯᠳᠡᠪ ᠠᠮᠤ᠂ ᠰᠦ ᠶᠢᠨ ᠪᠦᠲᠦᠭᠡᠭᠳᠡᠬᠦᠨ ᠵᠡᠷᠭᠡ 200 ᠭᠠᠷᠤᠢ ᠵᠦᠢᠯ ᠤᠨ ᠲᠠᠷᠢᠶᠠᠯᠠᠩ ᠤᠨ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠢ ᠡᠮᠬᠢᠯᠡᠨ ᠨᠡᠶᠢᠯᠡᠭᠦᠯᠵᠦ᠂ ︽ᠲᠤᠰ ᠡᠳᠦᠷ ᠲᠤ ᠪᠠᠨ ᠬᠦᠷᠭᠡᠵᠦ︾᠂ ︽ᠳᠠᠷᠠᠭ᠎ᠠ ᠡᠳᠦᠷ ᠨᠢ ᠬᠦᠷᠬᠦ︾ ᠲᠤᠰᠬᠠᠢ ᠣᠷᠣᠨ ᠭᠠᠷᠭᠠᠨ᠎ᠠ᠃      ᠬᠤᠶᠠᠷ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠵᠦ᠂ ᠬᠤᠲᠠ ᠬᠥᠳᠡᠭᠡ ᠶᠢᠨ ᠬᠤᠤᠰ ᠴᠢᠭᠯᠡᠯᠲᠦ ᠭᠦᠢᠯᠭᠡᠭᠡ ᠶᠢ ᠬᠥᠭᠵᠢᠭᠡᠨ᠎ᠡ      ᠴᠢᠩᠱᠠᠨ ᠲᠣᠭᠤᠷᠢᠭ ᠤᠨ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠡᠷᠡᠭ ᠡᠷᠬᠢᠯᠡᠭᠴᠢᠳ ᠤᠨ ᠬᠤᠷᠠᠯ ᠤᠨ ᠳᠡᠳ᠋ ᠡᠷᠬᠢᠯᠡᠭᠴᠢ ᠭᠤᠤ ᠯᠦᠩ ᠢᠯᠡᠷᠬᠡᠶᠢᠯᠡᠬᠦ ᠳᠡᠭᠡᠨ᠂ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠲᠣᠭᠲᠠᠴᠠ ᠶᠢ ᠭᠦᠨᠵᠡᠭᠡᠶᠢᠷᠡᠭᠦᠯᠬᠦ᠂ ᠬᠤᠲᠠ ᠬᠥᠳᠡᠭᠡ ᠶᠢᠨ ᠬᠤᠤᠰ ᠴᠢᠭᠯᠡᠯᠲᠦ ᠭᠦᠢᠯᠭᠡᠭᠡ ᠶᠢ ᠬᠥᠭᠵᠢᠭᠡᠬᠦ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠭᠤᠷᠪᠠ ᠶᠢ ᠵᠣᠯᠭᠠᠭᠤᠯᠬᠤ︾᠎ ᠶᠢ ᠠᠬᠢᠭᠤᠯᠤᠨ᠎ᠠ᠃ ᠨᠢᠭᠡ ᠳᠤ ᠲᠠᠷᠢᠶᠠᠯᠠᠩ ᠳᠤ ᠬᠤᠯᠪᠣᠭᠳᠠᠬᠤ ᠭᠤᠤᠯ ᠴᠣᠭᠴᠠ ᠶᠢᠨ ᠡᠬᠢ ᠪᠠᠶᠠᠯᠢᠭ ᠢ ᠵᠣᠯᠭᠠᠭᠤᠯᠤᠨ᠎ᠠ᠃ ᠴᠢᠩᠱᠠᠨ ᠲᠣᠭᠤᠷᠢᠭ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠤᠨ ᠬᠥᠲᠥᠴᠢ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ ᠶᠢ ᠵᠣᠬᠢᠶᠠᠨ ᠪᠠᠶᠢᠭᠤᠯᠤᠨ ᠲᠣᠰ ᠤᠳᠠᠭᠠᠨ ᠤ ᠠᠵᠠ ᠲᠣᠬᠢᠶᠠᠯ ᠢ ᠠᠰᠢᠭᠯᠠᠨ ᠰᠢᠭᠤᠳ ᠪᠣᠷᠣᠯᠠᠭᠤᠯᠬᠤ ᠠᠷᠭ᠎ᠠ ᠵᠠᠮ ᠢ ᠪᠠᠶᠢᠭᠤᠯᠤᠨ᠎ᠠ᠃ ᠬᠤᠶᠠᠷ ᠲᠤ᠂ ᠪᠣᠷᠣᠯᠠᠭᠤᠯᠭ᠎ᠠ ᠮᠠᠭᠤᠲᠠᠶ ᠲᠠᠷᠢᠶᠠᠯᠠᠩ ᠤᠨ ᠪᠦᠲᠦᠭᠡᠭᠳᠡᠬᠦᠨ ᠤ ᠠᠷᠭ᠎ᠠ ᠵᠠᠮ ᠢ ᠵᠤᠯᠭᠠᠭᠤᠯᠤᠨ᠎ᠠ᠃ ︽ᠵᠠᠯᠠᠭᠤᠴᠤᠳ ᠤᠨ ᠬᠠᠩᠭᠠᠯᠭ᠎ᠠ ᠶᠢᠨ ᠬᠤᠯᠪᠣᠭ᠎ᠠ · ᠬᠦᠴᠦᠷᠬᠡᠭᠵᠢᠯ ᠵᠠᠬ᠎ᠠ ᠳᠡᠯᠭᠡᠭᠦᠷ ᠤᠨ ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠭᠤᠯᠬᠤ ᠬᠤᠷᠠᠯ︾᠎ ᠢ ᠬᠤᠷᠠᠯᠳᠤᠭᠤᠯᠵᠤ᠂ ᠦᠬᠡᠷ ᠬᠤᠨᠢᠨ ᠮᠢᠬ᠎ᠠ᠂ ᠤᠨᠴᠠᠯᠢᠬᠳᠤ ᠬᠤᠯᠢᠮᠠᠭ ᠠᠮᠤ ᠵᠡᠷᠭᠡ ᠲᠠᠷᠢᠶᠠᠯᠠᠩ ᠤᠨ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠢ ᠵᠠᠬ᠎ᠠ ᠳᠡᠯᠭᠡᠭᠦᠷ ᠤᠨ ᠬᠤᠳᠠᠯᠳᠤᠭᠠᠴᠢᠨ ᠲᠠᠢ ᠭᠡᠷ᠎ᠡ ᠲᠣᠭᠲᠠᠬᠤ ᠶᠢ ᠭᠤᠤᠯᠳᠠᠯᠭ᠎ᠠ ᠲᠠᠢ ᠠᠬᠢᠭᠤᠯᠤᠨ᠎ᠠ᠃ ᠭᠤᠷᠪᠠ ᠳᠤ᠂ ᠬᠡᠷᠡᠭᠯᠡᠭᠡᠨ ᠤ ᠬᠡᠷᠡᠭᠴᠡᠭᠡ ᠶᠢᠨ ᠲᠤᠭ᠎ᠠ ᠪᠠᠷᠢᠮᠲᠠ ᠶᠢ ᠵᠣᠯᠭᠠᠭᠤᠯᠬᠤ᠃ ᠨᠡᠶᠢᠭᠡᠮ ᠲᠣᠭᠤᠷᠢᠭ ᠤᠨ ᠬᠠᠮᠲᠤᠪᠠᠷ ᠬᠤᠳᠠᠯᠳᠤᠨ ᠠᠪᠬᠤ᠂ ᠢᠳᠡᠭᠡᠨ ᠤᠮᠳᠠᠭᠠᠨ ᠬᠤᠳᠠᠯᠳᠤᠨ ᠠᠪᠬᠤ ᠵᠡᠷᠭᠡ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠵᠠᠳᠠᠯᠵᠤ᠂ ᠲᠠᠷᠢᠶᠠᠴᠢᠨ ᠡᠷᠦᠬᠡ ᠶᠢ ᠵᠢᠯᠣᠭᠤᠳᠤᠨ ᠲᠠᠷᠢᠮᠠᠯ᠂ ᠲᠡᠵᠢᠭᠡᠨ ᠦᠷᠡᠵᠢᠭᠦᠯᠬᠦ ᠪᠦᠲᠦᠴᠡ ᠶᠢ ᠣᠨᠣᠪᠴᠢᠲᠠᠶ ᠲᠣᠬᠢᠷᠠᠭᠤᠯᠤᠨ᠎ᠠ ᠭᠡᠵᠡᠢ᠃      ᠲᠠᠷᠠᠭᠠᠴᠢ ᠶᠢᠨ ᠠᠯᠬᠤᠮ ᠳᠤ᠂ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢᠨ ᠠᠬᠢᠴᠠ ᠶᠢ ᠲᠦᠷᠭᠡᠳᠬᠡᠵᠦ᠂ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠦᠬᠡᠷ ᠬᠤᠨᠢᠨ ᠮᠢᠬᠠᠨ ᠤ ᠲᠤᠰᠬᠠᠶ ᠲᠣᠭᠤᠷᠢᠭ ᠤᠨ ᠲᠤᠷᠰᠢᠨ ᠡᠵᠡᠩᠨᠡᠬᠦ ᠶᠢ ᠪᠡᠶᠡᠯᠡᠭᠦᠯᠬᠦ ᠪᠠᠷ ᠴᠢᠷᠮᠠᠶᠢᠬᠤ ᠶᠢᠨ ᠬᠠᠮᠲᠤ ︽ᠰᠦᠯᠵᠢᠶᠡᠨ ᠳᠡᠭᠡᠷᠡᠬᠢ ᠬᠤᠳᠠᠯᠳᠤᠭᠠᠨ ᠤ ᠳᠡᠯᠭᠡᠭᠦᠷ + ᠰᠦᠯᠵᠢᠶᠡᠨ ᠭᠠᠳᠠᠨᠠᠬᠢ ᠪᠡᠶᠡᠴᠢᠯᠡᠨ ᠣᠶᠢᠯᠠᠭᠠᠬᠤ ᠳᠡᠯᠭᠡᠭᠦᠷ︾᠎ ᠤᠨ ᠠᠭᠤᠰᠤᠯᠴᠠᠬᠤ ᠵᠠᠭᠪᠤᠷ ᠢ ᠬᠠᠶᠢᠨ ᠰᠦᠪᠡᠭᠴᠢᠯᠡᠵᠦ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠰᠤᠯᠠ ᠪᠠᠶᠢᠭ᠎ᠠ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠤᠯᠠᠮᠵᠢᠯᠠᠯᠲᠤ ᠭᠦᠢᠯᠭᠡᠭᠡᠨ ᠤ ᠦᠢᠯᠡᠴᠢᠯᠡᠭᠡ ᠠᠴᠠ ᠣᠲᠣ ᠦᠶ᠎ᠡ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠦᠢᠯᠡᠴᠢᠯᠡᠭᠡᠨ ᠤ ᠬᠤᠳᠠᠯᠳᠤᠭᠠᠴᠢᠨ ᠳᠠᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠰᠢᠶᠠᠨ ᠤ ᠬᠡᠪᠴᠢᠶᠡᠨ ᠤ ᠭᠦᠢᠯᠭᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠳᠤ ︽ᠴᠢᠩᠱᠠᠨ ᠤ ᠵᠠᠭᠪᠤᠷ︾ ᠬᠠᠩᠭᠠᠨ᠎ᠠ᠃   
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号