ᠤᠢᠢᠷ᠎ᠠ ᠶᠢᠨ ᠵᠢᠯ ᠠᠴᠠ᠂ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ | ᠦᠢᠯᠡᠴᠢᠯᠡᠭᠡᠨ ᠤ ᠲᠥᠪ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠭᠦᠨᠵᠡᠭᠡᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠠᠵᠢᠯ ᠤᠨ ᠪᠠᠶᠢᠷᠢ ᠶᠢᠨ ᠬᠡᠷᠡᠭᠴᠡᠭᠡ ᠤᠷ᠎ᠠ ᠴᠢᠳᠠᠪᠤᠷᠢ ᠶᠢᠨ | ᠪᠣᠯᠪᠠᠰᠤᠷᠠᠯ + ᠤᠷ᠎ᠠ ᠴᠢᠳᠠᠪᠤᠷᠢ ᠶᠢᠨ ᠦᠨᠡᠯᠡᠯᠲᠡ ᠠᠵᠢᠯ ᠣᠯᠭᠤᠯᠲᠠ ᠶᠢᠨ ᠦᠢᠯᠡᠴᠢᠯᠡᠭᠡ︾ ᠲᠦᠷᠪᠡ ᠶᠢ ᠨᠢᠭᠡ | ᠴᠤᠬᠴᠠᠵᠢᠭᠤᠯᠤᠬᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠰᠢᠨ᠎ᠡ ᠵᠠᠭᠪᠤᠷ ᠢ | ᠢᠳᠡᠪᠬᠢᠲᠡᠢ ᠰᠦᠪᠡᠭᠴᠢᠯᠡᠵᠦ ᠪᠠᠶᠢᠨ᠎ᠠ᠂ ᠡᠭᠦᠨ ᠤ ᠵᠤᠷᠢᠯᠭ᠎ᠠ ᠨᠢ ᠠᠵᠤ ᠠᠬᠤᠶᠢᠯᠠᠯ ᠤᠨ ᠬᠡᠷᠡᠭᠴᠡᠭᠡ | ᠱᠠᠭᠠᠷᠳᠠᠯᠭ᠎ᠠ ᠲᠠᠢ ᠣᠨᠣᠪᠴᠢᠲᠠᠢ ᠵᠣᠯᠭᠠᠭᠤᠯᠬᠤ᠂ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ᠂ ᠤᠷ᠎ᠠ | ᠴᠢᠳᠠᠪᠤᠷᠢ ᠶᠢᠨ ᠦᠨᠡᠯᠡᠯᠲᠡ ᠶᠢᠨ ᠰᠢᠰᠲ᠋ᠧᠮ ᠢ ᠲᠡᠭᠦᠯᠳᠡᠷᠵᠢᠭᠦᠯᠬᠦ ᠵᠢᠴᠢ ᠪᠦᠬᠦ ᠲᠠᠯ᠎ᠠ ᠶᠢᠨ ᠠᠵᠢᠯ ᠣᠯᠭᠤᠯᠲᠠ ᠶᠢᠨ | ᠦᠢᠯᠡᠴᠢᠯᠡᠭᠡ ᠬᠠᠩᠭᠠᠵᠤ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠶᠢᠨ ᠲᠥᠯᠥᠭᠡ ᠶᠤᠮ᠃ | ᠣᠶᠢᠷ᠎ᠠ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠳᠥᠷᠪᠡ ᠶᠢ ᠨᠢᠭᠡ | ᠴᠤᠭᠴᠠᠵᠢᠭᠤᠯᠬᠤ︾ ᠪᠠᠷ ᠭᠤᠤᠯ ᠰᠡᠳᠦᠪ ᠪᠣᠯᠭᠠᠭᠰᠠᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠪᠣᠯᠪᠠᠰᠤᠷᠠᠯ ᠤᠨ ᠲᠤᠰᠬᠠᠶ ᠲᠠᠯᠠᠪᠤᠷ ᠠᠵᠢᠯᠲᠠᠨ ᠡᠯᠰᠡᠬᠦ ᠬᠤᠷᠠᠯ ᠢ ᠠᠮᠵᠢᠯᠲᠠ ᠲᠠᠢ ᠡᠷᠭᠢᠯᠡᠵᠦ᠂ ᠥᠪᠥᠷ | ᠮᠣᠩᠭᠤᠯ ᠤᠨ ᠯᠦ ᠴᠧᠩ ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠥᠪᠥᠷ ᠮᠣᠩᠭᠤᠯ ᠤᠨ ᠮᠧᠩ ᠶᠢᠨ | ᠠᠵᠢᠯ ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ᠂ ᠪᠤᠭᠤᠲᠤ ᠬᠤᠲᠠ ᠶᠢᠨ ᠶᠦᠩ ᠱᠧᠩ ᠴᠧᠩ ᠠᠵᠢᠯ | ᠮᠡᠷᠭᠡᠵᠢᠯ ᠤᠨ ᠪᠣᠯᠪᠠᠰᠤᠷᠠᠯ ᠤᠨ ᠰᠤᠷᠭᠠᠭᠤᠯᠢ ᠵᠡᠷᠭᠡ ᠣᠯᠠᠨ ᠪᠣᠯᠪᠠᠰᠤᠷᠠᠭᠤᠯᠤᠯ ᠤᠨ ᠰᠤᠷᠭᠠᠭᠤᠯᠢ ᠶᠢᠨ | ᠰᠤᠷᠤᠭᠴᠢᠳ ᠢ ᠤᠷᠢᠵᠤ ᠢᠳᠡᠪᠬᠢᠲᠡᠶ ᠣᠷᠣᠯᠴᠠᠭᠤᠯᠵᠤ᠂ ᠠᠵᠢᠯ ᠡᠷᠢᠭᠴᠢ ᠪᠠ ᠠᠵᠤ ᠠᠬᠤᠶᠢᠯᠠᠯ ᠳᠤ ᠥᠨᠳᠥᠷ | ᠪᠦᠲᠦᠮᠵᠢᠲᠡᠶ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠠᠪᠴᠠᠩ ᠪᠠᠶᠢᠭᠤᠯᠵᠤ ᠥᠭᠴᠡᠶ᠃ | ᠨᠢᠭᠡ᠂ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠲᠠᠢ ᠣᠨᠣᠪᠴᠢᠲᠠᠶ ᠵᠣᠯᠭᠠᠭᠤᠯᠵᠤ᠂ ᠠᠵᠢᠯ | ᠣᠯᠭᠤᠬᠤ ᠣᠷᠣᠨ ᠵᠠᠶ ᠶᠢ ᠥᠷᠭᠡᠳᠬᠡᠨ᠎ᠡ | ᠲᠣᠰ ᠤᠳᠠᠭᠠᠨ ᠤ ᠲᠤᠰᠬᠠᠶ ᠠᠵᠢᠯᠲᠠᠨ ᠡᠯᠰᠡᠬᠦ ᠬᠤᠷᠠᠯ ᠨᠢ ︽ᠠᠵᠢᠯ ᠤᠨ ᠪᠠᠶᠢᠷᠢ ᠶᠢᠨ ᠬᠡᠷᠡᠭᠴᠡᠭᠡ︾ ᠪᠠᠷ | ᠤᠳᠤᠷᠢᠳᠤᠮᠵᠢ ᠪᠣᠯᠭᠠᠵᠤ᠂ ᠴᠢᠩᠱᠠᠨ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠪᠠ ᠠᠵᠢᠯᠴᠢᠨ ᠬᠡᠷᠡᠭᠯᠡᠬᠦ | ᠬᠡᠷᠡᠭᠴᠡᠭᠡ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠦᠢᠯᠡᠳᠬᠦ ᠦᠢᠯᠡᠰ᠂ ᠦᠢᠯᠡᠴᠢᠯᠡᠭᠡᠨ ᠤ ᠦᠢᠯᠡᠰ᠂ ᠮᠡᠳᠡᠭᠡ | ᠵᠠᠩᠭᠢ ᠶᠢᠨ ᠮᠡᠷᠭᠡᠵᠢᠯ ᠵᠡᠷᠭᠡ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠨᠢᠭᠡ ᠪᠦᠯᠦᠭ ᠰᠢᠯᠢᠳᠡᠭ ᠠᠵᠢᠯ ᠤᠨ | ᠪᠠᠶᠢᠷᠢ ᠶᠢ ᠰᠣᠩᠭᠤᠨ ᠭᠠᠷᠭᠠᠪᠠ᠃ ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠨᠡᠶᠢᠲᠡ 70 ᠭᠠᠷᠤᠶ ᠠᠵᠤ | ᠠᠬᠤᠶᠢᠯᠠᠯ ᠣᠷᠣᠯᠴᠠᠵᠤ᠂ 328 ᠠᠵᠢᠯ ᠤᠨ ᠪᠠᠶᠢᠷᠢ ᠬᠠᠩᠭᠠᠵᠤ᠂ ᠮᠡᠷᠭᠡᠵᠢᠯ ᠤᠨ ᠠᠵᠢᠯᠴᠢᠨ᠂ ᠦᠢᠯᠡᠴᠢᠯᠡᠭᠴᠢ᠂ | ᠬᠠᠮᠢᠶᠠᠷᠤᠯᠲᠠ ᠶᠢᠨ ᠠᠵᠢᠯᠲᠠᠨ ᠵᠡᠷᠭᠡ ᠣᠯᠠᠨ ᠲᠥᠷᠥᠯ ᠢ ᠬᠠᠮᠤᠷᠴᠤ᠂ ᠨᠡᠶᠢᠲᠡ 2206 ᠠᠵᠢᠯ ᠡᠷᠢᠭᠴᠢ ᠪᠠᠶᠢᠵᠤ᠂ | ᠠᠳᠠᠯᠢ ᠪᠤᠰᠤ ᠲᠠᠰ ᠳᠠᠪᠬᠤᠷᠭ᠎ᠠ ᠶᠢᠨ ᠠᠵᠢᠯ ᠡᠷᠢᠭᠰᠡᠳ ᠤᠨ ᠬᠡᠷᠡᠭᠴᠡᠭᠡ ᠶᠢ ᠭᠦᠢᠴᠡᠳ ᠬᠠᠩᠭᠠᠪᠠ᠃ | ᠬᠤᠶᠠᠷ᠂ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠠᠵᠢᠯ ᠣᠯᠭᠤᠬᠤ ᠥᠷᠢᠰᠦᠯᠳᠦᠬᠦ | ᠬᠦᠴᠦᠨ ᠢ ᠳᠡᠭᠡᠭᠰᠢᠯᠡᠭᠦᠯᠦᠨ᠎ᠡ | ᠤᠷ᠎ᠠ ᠴᠢᠳᠠᠪᠤᠷᠢ ᠶᠢᠨ ᠪᠣᠯᠪᠠᠰᠤᠷᠠᠯ ᠪᠣᠯ ︽ᠲᠦᠷᠪᠡ ᠶᠢ ᠨᠢᠭᠡ ᠴᠤᠬᠴᠠᠵᠢᠭᠤᠯᠬᠤ︾ ᠵᠠᠭᠪᠤᠷ ᠤᠨ ᠭᠤᠣᠯ | ᠭᠤᠭᠴᠤᠭ᠎ᠠ ᠪᠣᠯᠤᠨ᠎ᠠ᠃ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠴᠢᠨᠠᠷ | ᠰᠠᠶᠢᠲᠠᠢ ᠪᠣᠯᠪᠠᠰᠤᠷᠠᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠪᠠᠷ ᠳᠠᠮᠵᠢᠭᠤᠯᠤᠨ᠂ ᠵᠠᠬ᠎ᠠ ᠳᠡᠯᠭᠡᠭᠦᠷ ᠤᠨ | ᠬᠡᠷᠡᠭᠴᠡᠭᠡ ᠳᠤ ᠴᠢᠭᠯᠡᠭᠦᠯᠦᠨ ᠭᠡᠷ ᠤᠨ ᠬᠡᠷᠡᠭᠰᠡᠯ ᠢ ᠴᠡᠪᠡᠷᠯᠡᠬᠦ᠂ ᠲᠠᠯᠬ᠎ᠠ ᠬᠠᠭᠰᠠᠭᠠᠬᠤ᠂ ᠺᠣᠮᠫᠢᠦ᠋ᠲ᠋ᠧᠷ ᠤᠨ | ᠠᠵᠢᠯᠯᠠᠭᠴᠢ ᠵᠡᠷᠭᠡ ᠤᠯᠠᠨ ᠶᠠᠭᠠᠷᠠᠯᠲᠠᠢ ᠠᠵᠢᠯ ᠤᠨ ᠲᠦᠷᠦᠯ ᠤᠨ ᠪᠣᠯᠪᠠᠰᠤᠷᠠᠭᠤᠯᠤᠯ ᠤᠨ ᠬᠢᠴᠢᠶᠡᠯ ᠢ ᠨᠡᠭᠡᠭᠡᠪᠡ᠃ | ᠥᠪᠥᠷ ᠮᠣᠩᠭᠤᠯ ᠤᠨ ᠮᠧᠩ ᠶᠢᠨ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ᠂ ᠥᠪᠥᠷ | ᠮᠣᠩᠭᠤᠯ ᠤᠨ ᠯᠦ ᠴᠧᠩ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ᠂ ᠪᠤᠭᠤᠲᠤ ᠬᠤᠲᠠ ᠶᠢᠨ ᠶᠦᠩ | ᠱᠧᠩ ᠴᠧᠩ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠤᠨ ᠰᠤᠷᠭᠠᠭᠤᠯᠢ ᠵᠡᠷᠭᠡ ᠪᠣᠯᠪᠠᠰᠤᠷᠠᠭᠤᠯᠤᠯ ᠤᠨ | ᠰᠤᠷᠭᠠᠭᠤᠯᠢ ᠨᠢ ᠲᠣᠰ ᠤᠳᠠᠭᠠᠨ ᠤ ᠠᠵᠢᠯᠲᠠᠨ ᠡᠯᠰᠡᠬᠦ ᠴᠤᠭᠯᠠᠭᠠᠨ ᠤ ᠭᠤᠤᠯ ᠣᠷᠣᠯᠴᠠᠬᠤ ᠲᠠᠯ᠎ᠠ ᠪᠣᠯᠤᠭᠰᠠᠨ ᠤ | ᠬᠤᠪᠢ ᠳᠤ᠂ ᠰᠤᠷᠤᠭᠴᠢᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠣᠷᠣᠯᠴᠠᠭᠤᠯᠵᠤ᠂ ᠰᠤᠷᠤᠭᠴᠢᠳ ᠤᠨ | ᠣᠨᠣᠯ ᠤᠨ ᠮᠡᠳᠡᠯᠭᠡ ᠶᠢ ᠡᠵᠡᠮᠰᠢᠬᠦ ᠶᠢᠨ ᠬᠠᠮᠲᠤ᠂ ᠯᠠᠪᠳᠠᠭᠤᠨ ᠪᠠᠲᠤᠲᠠᠶ ᠪᠣᠳᠠᠲᠤ ᠪᠡᠶ᠎ᠡ ᠶᠢᠨ ᠲᠠᠮᠢᠷ ᠤᠨ | ᠴᠢᠳᠠᠪᠤᠷᠢ ᠲᠠᠢ ᠪᠠᠶᠢᠬᠤ ᠶᠢ ᠦᠨᠡᠨᠬᠦ ᠪᠠᠲᠤᠯᠠᠪᠠ᠃ | ᠭᠤᠷᠪᠠ᠂ ᠮᠡᠷᠭᠡᠵᠢᠯ ᠴᠢᠳᠠᠪᠤᠷᠢ ᠶᠢ ᠦᠨᠡᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠣᠯᠪᠠᠰᠤᠷᠠᠭᠤᠯᠤᠯ ᠤᠨ | ᠶᠠᠰᠤ ᠴᠢᠨᠠᠷ ᠢ ᠦᠨᠡᠨᠬᠦ ᠪᠠᠲᠤᠯᠠᠨ᠎ᠠ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠦᠷ᠎ᠡ ᠪᠦᠲᠦᠮᠵᠢ ᠶᠢ ᠪᠠᠲᠤᠯᠠᠬᠤ ᠶᠢᠨ ᠲᠥᠯᠥᠭᠡ᠂ ᠴᠢᠩᠱᠠᠨ | ᠲᠣᠭᠤᠷᠢᠭ ᠤᠨ ᠬᠢᠨ ᠰᠢᠨᠵᠢᠯᠡᠬᠦ ᠤᠬᠠᠭᠠᠨᠴᠢ ᠪᠦᠷᠢᠨ ᠲᠡᠭᠦᠯᠳᠡᠷ ᠤᠷ᠎ᠠ ᠴᠢᠳᠠᠪᠤᠷᠢ ᠶᠢᠨ ᠦᠨᠡᠯᠡᠯᠲᠡ ᠶᠢᠨ | ᠰᠢᠰᠲ᠋ᠧᠮ ᠢ ᠪᠠᠶᠢᠭᠤᠯᠪᠠ᠃ ᠣᠨᠣᠯ ᠤᠨ ᠰᠢᠯᠭᠠᠯᠲᠠ᠂ ᠪᠣᠳᠠᠲᠤ ᠪᠣᠯᠪᠠᠰᠤᠷᠠᠯ ᠤᠨ ᠬᠢᠨᠠᠨ ᠰᠢᠯᠭᠠᠯᠲᠠ᠂ ᠠᠵᠤ | ᠠᠬᠤᠶᠢᠯᠠᠯ ᠤᠨ ᠬᠠᠷᠢᠭᠤ ᠲᠤᠰᠬᠠᠬᠤ ᠵᠡᠷᠭᠡ ᠣᠯᠠᠨ ᠲᠠᠯ᠎ᠠ ᠠᠴᠠ ᠰᠤᠷᠤᠭᠴᠢᠳ ᠤᠨ ᠮᠡᠷᠭᠡᠵᠢᠯ ᠴᠢᠳᠠᠪᠤᠷᠢ ᠶᠢᠨ ᠬᠢᠷᠢ | ᠬᠡᠮᠵᠢᠶ᠎ᠡ ᠶᠢ ᠦᠨᠡᠯᠡᠨ ᠵᠢᠱᠢᠵᠦ᠂ ᠪᠣᠯᠪᠠᠰᠤᠷᠠᠭᠤᠯᠤᠯ ᠤᠨ ᠶᠠᠰᠤ ᠴᠢᠨᠠᠷ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢᠨ ᠬᠠᠷᠢᠯᠴᠠᠨ ᠵᠣᠬᠢᠴᠠᠯᠳᠤᠬᠤ ᠶᠢ ᠦᠨᠡᠨᠬᠦ ᠪᠠᠲᠤᠯᠠᠪᠠ᠃ ᠲᠣᠰ ᠤᠳᠠᠭᠠᠨ ᠤ ᠠᠵᠢᠯᠲᠠᠨ ᠡᠯᠰᠡᠬᠦ | ᠬᠤᠷᠠᠯ ᠳᠡᠭᠡᠷ᠎ᠡ᠂ ᠣᠯᠠᠨ ᠠᠵᠤ ᠠᠬᠤᠶᠢᠯᠠᠯ ᠰᠤᠷᠤᠭᠴᠢᠳ ᠤᠨ ᠤᠷ᠎ᠠ ᠴᠢᠳᠠᠪᠤᠷᠢ ᠶᠢᠨ ᠬᠢᠷᠢ ᠲᠦᠪᠰᠢᠨ ᠢ ᠳᠡᠭᠡᠳᠦ | ᠬᠡᠮᠵᠢᠶ᠎ᠡ ᠪᠠᠷ ᠦᠨᠡᠯᠡᠵᠦ᠂ ᠰᠢᠰᠲ᠋ᠧᠮ ᠲᠠᠢ ᠪᠣᠯᠪᠠᠰᠤᠷᠠᠯ ᠢᠶᠠᠷ ᠳᠡᠮᠵᠢᠨ ᠰᠣᠷᠣᠭᠴᠢ ᠯᠠᠪᠳᠠᠭᠤᠨ ᠪᠠᠲᠤᠲᠠᠶ ᠲᠤᠰᠬᠠᠶ | ᠮᠡᠷᠭᠡᠵᠢᠯ ᠤᠨ ᠮᠡᠳᠡᠯᠭᠡ ᠲᠠᠢ ᠪᠠᠶᠢᠬᠤ ᠪᠠᠷ ᠪᠠᠷᠠᠬᠤ ᠥᠬᠡᠶ ᠪᠠᠰᠠ ᠠᠵᠢᠯ ᠤᠨ ᠪᠠᠶᠢᠷᠢ ᠳᠠᠭᠠᠨ ᠲᠦᠷᠭᠡᠨ ᠵᠣᠬᠢᠴᠠᠵᠤ | ᠴᠢᠳᠠᠨ᠎ᠠ ᠭᠡᠵᠦ ᠦᠵᠡᠪᠡ᠃ | ᠳᠥᠷᠪᠡ᠂ ᠠᠵᠢᠯ ᠣᠯᠭᠤᠯᠲᠠ ᠶᠢᠨ ᠪᠥᠬᠦ ᠲᠠᠯ᠎ᠠ ᠶᠢᠨ ᠦᠢᠯᠡᠴᠢᠯᠡᠭᠡ ᠬᠠᠩᠭᠠᠵᠤ᠂ ︽ᠬᠡᠷ ᠤᠨ ᠡᠭᠦᠳᠡ︾ ᠶᠢᠨ | ᠠᠵᠢᠯ ᠣᠯᠭᠤᠯᠲᠠ ᠳᠤ ᠬᠦᠴᠦᠨ ᠨᠡᠮᠡᠷᠢᠯᠡᠨ᠎ᠡ | ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ︽ᠠᠵᠢᠯ ᠣᠯᠭᠤᠯᠲᠠ ᠶᠢᠨ | ᠦᠢᠯᠡᠴᠢᠯᠡᠭᠡ︾ ᠪᠠᠷ ᠭᠠᠷᠳᠠᠴᠠ ᠪᠣᠯᠭᠠᠵᠤ᠂ ᠦᠢᠯᠡᠴᠢᠯᠡᠭᠡᠨ ᠤ ᠵᠠᠭᠪᠤᠷ ᠤᠨ ᠰᠢᠨ᠎ᠡ ᠶᠢ ᠡᠭᠦᠳᠴᠦ᠂ ᠠᠵᠢᠯ | ᠣᠯᠭᠤᠯᠲᠠ ᠶᠢᠨ ᠦᠢᠯᠡᠴᠢᠯᠡᠭᠡᠨ ᠤ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠠᠬᠢᠭᠤᠯᠪᠠ᠃ ᠲᠣᠰ ᠤᠳᠠᠭᠠᠨ ᠤ | ᠠᠵᠢᠯᠲᠠᠨ ᠡᠯᠰᠡᠬᠦ ᠴᠤᠭᠯᠠᠭᠠᠨ ᠳᠤ ᠠᠵᠢᠯ ᠤᠨ ᠪᠠᠶᠢᠷᠢ ᠵᠣᠯᠭᠠᠭᠤᠯᠬᠤ ᠦᠢᠯᠡᠴᠢᠯᠡᠭᠡ ᠬᠠᠩᠭᠠᠭᠰᠠᠨ ᠢᠶᠠᠷ ᠪᠠᠷᠠᠬᠤ | ᠥᠬᠡᠶ᠂ ᠪᠠᠰᠠ ᠲᠥᠷᠥ ᠶᠢᠨ ᠪᠣᠳᠣᠯᠭ᠎ᠠ ᠶᠢᠨ ᠯᠠᠪᠯᠠᠭ᠎ᠠ᠂ ᠠᠵᠢᠯ ᠣᠯᠭᠤᠯᠲᠠ ᠶᠢᠨ ᠵᠢᠯᠣᠭᠤᠳᠣᠯᠭ᠎ᠠ᠂ ᠠᠵᠢᠯ | ᠮᠡᠷᠭᠡᠵᠢᠯ ᠤᠨ ᠲᠥᠯᠥᠪᠵᠢᠭᠦᠯᠭᠡ ᠵᠡᠷᠭᠡ ᠲᠤᠰᠬᠠᠶ ᠲᠣᠭᠤᠷᠢᠭ ᠭᠠᠷᠭᠠᠵᠤ᠂ ᠠᠵᠢᠯ ᠡᠷᠢᠭᠰᠡᠳ ᠲᠤ ︽ᠨᠢᠭᠡ | ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠪᠠᠰᠠ ︽ᠰᠦᠯᠵᠢᠶᠡᠨ ᠳᠡᠭᠡᠷᠡᠬᠢ ᠪᠠ | ᠰᠦᠯᠵᠢᠶᠡᠨ ᠭᠠᠳᠠᠨᠠᠬᠢ︾ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠡᠷᠢᠭᠰᠡᠳ ᠲᠤ | ︽ᠬᠡᠷ ᠤᠨ ᠡᠭᠦᠳᠡ︾ ᠳᠤ ᠳᠥᠭᠦᠮ ᠳᠥᠲᠡ ᠠᠵᠢᠯ ᠣᠯᠭᠤᠯᠲᠠ ᠶᠢᠨ ᠦᠢᠯᠡᠴᠢᠯᠡᠭᠡ ᠬᠦᠷᠲᠡᠭᠡᠪᠡ᠃ | ᠴᠢᠩᠱᠠᠨ ᠲᠣᠭᠤᠷᠢᠭ ᠤᠨ ︽ᠳᠥᠷᠪᠡ ᠶᠢ ᠨᠢᠭᠡ ᠴᠤᠭᠴᠠᠵᠢᠭᠤᠯᠬᠤ︾ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ ᠤᠨ ᠲᠤᠰᠬᠠᠶ ᠲᠠᠯᠠᠪᠤᠷ ᠠᠵᠢᠯᠲᠠᠨ ᠡᠯᠰᠡᠬᠦ ᠴᠤᠭᠯᠠᠭᠠᠨ ᠢ ᠠᠮᠵᠢᠯᠲᠠ ᠲᠠᠢ | ᠡᠷᠬᠢᠯᠡᠭᠰᠡᠨ ᠨᠢ ᠠᠵᠢᠯ ᠡᠷᠢᠭᠴᠢ ᠪᠠ ᠠᠵᠤ ᠠᠬᠤᠶᠢᠯᠠᠯ ᠳᠤ ᠥᠨᠳᠥᠷ ᠪᠦᠲᠦᠮᠵᠢᠲᠡᠶ ᠵᠣᠯᠭᠠᠭᠤᠯᠬᠤ ᠲᠠᠪᠴᠠᠩ | ᠪᠠᠶᠢᠭᠤᠯᠵᠤ ᠥᠭᠭᠦᠭᠰᠡᠨ ᠢᠶᠠᠷ ᠪᠠᠷᠠᠬᠤ ᠥᠬᠡᠶ ᠪᠠᠰᠠ ᠣᠷᠣᠨ ᠪᠦᠰᠡ ᠶᠢᠨ ᠠᠵᠢᠯ ᠣᠯᠭᠤᠯᠲᠠ ᠶᠢᠨ ᠵᠠᠬ᠎ᠠ | ᠳᠡᠯᠭᠡᠭᠦᠷ ᠤᠨ ᠲᠣᠭᠲᠠᠭᠤᠨ ᠬᠥᠭᠵᠢᠯᠲᠡ ᠶᠢ ᠠᠬᠢᠭᠤᠯᠬᠤ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠭᠰᠡᠨ ᠪᠠᠶᠢᠨ᠎ᠠ᠃ | ᠢᠷᠡᠭᠡᠳᠦᠢ ᠳᠤ᠂ ᠴᠢᠩᠱᠠᠨ ᠲᠣᠭᠤᠷᠢᠭ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠦᠷᠭᠦᠯᠵᠢᠯᠡᠨ | ︽ᠠᠵᠢᠯ ᠤᠨ ᠪᠠᠶᠢᠷᠢ ᠶᠢᠨ ᠬᠡᠷᠡᠭᠴᠡᠭᠡ + ᠤᠷ᠎ᠠ ᠴᠢᠳᠠᠪᠤᠷᠢ ᠶᠢᠨ ᠪᠣᠯᠪᠠᠰᠤᠷᠠᠯ + ᠤᠷ᠎ᠠ ᠴᠢᠳᠠᠪᠤᠷᠢ ᠶᠢ ᠦᠨᠡᠯᠡᠬᠦ + | ᠠᠵᠢᠯ ᠣᠯᠭᠤᠯᠲᠠ ᠶᠢᠨ ᠦᠢᠯᠡᠴᠢᠯᠡᠭᠡ︾ ᠶᠢᠨ ᠵᠠᠭᠪᠤᠷ ᠢ ᠭᠦᠨᠵᠡᠭᠡᠶᠢᠷᠡᠭᠦᠯᠵᠦ᠂ ᠬᠡᠷᠡᠭᠴᠡᠭᠡ ᠪᠠᠷ ᠤᠳᠤᠷᠢᠳᠤᠮᠵᠢ | ᠪᠣᠯᠭᠠᠵᠤ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠷ᠎ᠠ ᠴᠢᠳᠠᠪᠤᠷᠢ ᠶᠢᠨ | ᠪᠣᠯᠪᠠᠰᠤᠷᠠᠯ ᠢ ᠴᠢᠩᠭᠠᠳᠬᠠᠵᠤ᠂ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠵᠦ᠂ ᠨᠡᠩ ᠤᠯᠠᠨ | ᠬᠥᠳᠡᠯᠮᠦᠷᠢᠴᠢᠳ ᠤᠨ ᠴᠢᠨᠠᠷ ᠰᠠᠶᠢᠲᠠᠢ ᠠᠵᠢᠯ ᠣᠯᠭᠤᠯᠲᠠ ᠶᠢ ᠠᠬᠢᠭᠤᠯᠵᠤ᠂ ᠣᠷᠣᠨ ᠪᠦᠰᠡ ᠶᠢᠨ ᠠᠵᠤ | ᠠᠬᠤᠢ ᠶᠢᠨ ᠬᠥᠭᠵᠢᠯᠲᠡ ᠳᠤ ᠪᠠᠲᠤ ᠪᠠᠬᠢ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠨ᠎ᠠ᠃ | | | |