ᠰᠤᠷᠪᠤᠯᠵᠢᠯᠠᠭᠰᠠᠨ ᠭᠤᠣᠯ ᠰᠡᠳᠦᠪ᠄ ᠠᠵᠤ ᠦᠢᠯᠡᠰ ᠤᠨ ᠠᠮᠢ ᠠᠬᠤᠶ ᠶᠢᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ | ᠰᠤᠷᠪᠤᠯᠵᠢᠯᠠᠭᠰᠠᠨ ᠴᠠᠭ᠄ 2025 ᠣᠨ ᠤ 1 ᠰᠠᠷ᠎ᠠ ᠶᠢᠨ 20 ᠤ ᠡᠳᠦᠷ | ᠰᠤᠷᠪᠤᠯᠵᠢᠯᠠᠭ᠎ᠠ ᠬᠦᠯᠢᠶᠡᠭᠰᠡᠨ ᠵᠣᠴᠢᠨ᠄ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠠᠬᠢᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ | ᠳᠠᠷᠤᠭ᠎ᠠ ᠭᠤᠤ ᠺᠧ | ᠲᠣᠪᠴᠢᠯᠠᠯ᠄ ᠪᠥᠬᠦ ᠲᠤᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢᠨ | ᠲᠣᠭᠤᠷᠢᠨ ᠳᠤ ᠬᠦᠴᠦ ᠪᠠᠨ ᠲᠥᠪᠯᠡᠷᠡᠭᠦᠯᠦᠨ 3+5+N ᠭᠤᠤᠯᠳᠠᠯᠭ᠎ᠠ ᠲᠠᠢ ᠠᠵᠤ ᠦᠢᠯᠡᠰ ᠤᠨ ᠪᠦᠯᠦᠭᠵᠢᠯ ᠢ | ᠭᠦᠨᠵᠡᠭᠡᠶ ᠰᠤᠳᠤᠯᠵᠤ᠂ ᠵᠠᠳᠠᠯᠬᠤ ᠰᠡᠳᠬᠢᠬᠦᠶ ᠶᠢ ᠪᠠᠷᠢᠮᠲᠠᠯᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ | ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | 【ᠬᠥᠲᠥᠯᠥᠭᠴᠢ】 | ᠴᠢᠩᠱᠠᠨ ᠲᠣᠭᠤᠷᠢᠭ ᠤᠨ 2024 ᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠡᠷᠦᠩᠬᠡᠢ | ᠬᠥᠭᠵᠢᠯᠲᠡ ᠶᠢᠨ ᠪᠠᠶᠢᠳᠠᠯ ᠢ ᠲᠠᠨᠢᠯᠴᠠᠭᠤᠯᠤᠭᠠᠷᠠᠢ᠃ | 【 ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠺᠧ 】 | ᠮᠠᠨ ᠤ ᠲᠤᠪᠴᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠪᠣᠯᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠠᠳᠬᠤᠬᠤ ᠶᠢ ᠬᠥᠭᠵᠢᠯᠲᠡ ᠶᠢ ᠠᠳᠬᠤᠬᠤ ᠶᠢᠨ ︽ᠲᠡᠷᠢᠭᠦᠨ ᠴᠢᠬᠤᠯᠠ ᠡᠭᠦᠷᠭᠡ︾ ᠪᠣᠯᠭᠠᠵᠤ᠂ ᠡᠯ᠎ᠡ ᠵᠦᠢᠯ ᠤᠨ | ᠠᠵᠢᠯ ᠤᠨ ᠰᠢᠨ᠎ᠡ ᠦᠷ᠎ᠡ ᠪᠦᠲᠦᠮᠵᠢ ᠤᠯᠬᠤ ᠶᠢ ᠯᠠᠪᠳᠠᠭᠤᠨ ᠪᠠᠲᠤᠲᠠᠢ ᠠᠬᠢᠭᠤᠯᠪᠠ᠃ ᠡᠨᠡ ᠵᠢᠯ ᠠᠴᠠ ᠨᠠᠭᠠᠰᠢ᠂ | ᠨᠡᠶᠢᠲᠡ 35 ᠪᠦᠯᠦᠭ ᠤᠳᠠᠭ᠎ᠠ ᠭᠠᠳᠠᠭᠰᠢ ᠭᠠᠷᠴᠤ᠂ 12 ᠮᠤᠵᠢ ᠶᠢᠨ 47 ᠬᠤᠲᠠ ᠶᠢ ᠰᠤᠷᠪᠤᠯᠵᠢᠯᠠᠵᠤ᠂ 19 | ᠤᠳᠠᠭ᠎ᠠ ᠦᠵᠡᠭᠦᠯᠭᠡ ᠶᠢᠨ ᠴᠤᠭᠯᠠᠭᠠᠨ ᠳᠤ ᠣᠷᠣᠯᠴᠠᠵᠤ᠂ 311 ᠠᠵᠤ ᠠᠬᠤᠶᠢᠯᠠᠯ ᠢ ᠵᠣᠯᠭᠠᠭᠤᠯᠵᠤ᠂ 51 ᠠᠵᠤ | ᠠᠬᠤᠶᠢᠯᠠᠯ ᠢ ᠭᠥᠯᠢᠶᠡᠨ ᠠᠪᠤᠪᠠ᠃ ᠡᠭᠦᠨ ᠳᠤ᠄ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 76 ᠪᠠᠶᠢᠵᠤ᠂ | ᠬᠡᠯᠡᠯᠴᠡᠭᠡᠷ ᠤᠨ ᠵᠣᠭᠤᠰ ᠤᠨ ᠲᠤᠭ᠎ᠠ 616.35 ᠳ᠋ᠦᠩᠰᠢᠭᠤᠷ ᠲᠥᠭᠦᠷᠢᠭ ᠲᠤ ᠬᠦᠷᠪᠡ︔ ᠪᠣᠳᠠᠲᠠᠶᠢᠵᠢᠭᠤᠯᠤᠭᠰᠠᠨ | ᠲᠥᠷᠥᠯ ᠵᠦᠢᠯ 73 ᠪᠠᠶᠢᠵᠤ᠂ ᠪᠣᠳᠠᠲᠠᠶᠢᠵᠢᠭᠤᠯᠤᠭᠰᠠᠨ ᠨᠣᠷᠮ᠎ᠠ 96.1% ᠪᠣᠯᠤᠨ᠎ᠠ︔ 60 ᠠᠵᠢᠯ ᠡᠬᠢᠯᠡᠭᠦᠯᠵᠦ᠂ | ᠠᠵᠢᠯ ᠡᠬᠢᠯᠡᠭᠦᠯᠦᠭᠰᠡᠨ ᠨᠣᠷᠮ᠎ᠠ 82.2%︔ ᠲᠤᠭᠤᠷᠢᠭ ᠤᠨ ᠭᠠᠳᠠᠨᠠᠬᠢ ᠳ᠋ᠦᠩᠰᠢᠭᠤᠷ ᠲᠥᠭᠦᠷᠢᠭ ᠠᠴᠠ | ᠳᠡᠭᠡᠭᠰᠢᠬᠢ ᠲᠥᠷᠥᠯ ᠵᠦᠢᠯ 45 ᠪᠠᠶᠢᠵᠤ᠂ ᠶᠡᠷᠦᠩᠬᠡᠶ ᠲᠤᠭ᠎ᠠ ᠨᠢ ᠪᠦᠬᠦ ᠬᠤᠲᠠ ᠶᠢᠨ ᠨᠢᠭᠡᠳᠦᠭᠡᠷ ᠲᠤ | ᠵᠢᠭᠰᠠᠭᠠᠭᠳᠠᠵᠤ᠂ ᠵᠥᠪᠯᠡᠯᠴᠡᠭᠡᠷ ᠤᠨ ᠵᠣᠭᠤᠰ ᠤᠨ ᠲᠤᠭ᠎ᠠ 601.82 ᠳ᠋ᠦᠩᠰᠢᠭᠤᠷ ᠲᠥᠭᠦᠷᠢᠭ ᠲᠤ ᠬᠦᠷᠴᠦ᠂ | ᠪᠦᠬᠦ ᠵᠢᠯ ᠤᠨ ᠡᠭᠦᠷᠭᠡ ᠶᠢᠨ 100.3% ᠶᠢ ᠪᠡᠶᠡᠯᠡᠭᠦᠯᠪᠡ︔ ᠪᠦᠬᠦ ᠵᠢᠯ ᠤᠨ ᠤᠯᠤᠰ ᠤᠨ ᠳᠣᠲᠣᠭᠠᠳᠤ | ᠲᠤᠭᠤᠷᠢᠭ ᠤᠨ ᠭᠠᠳᠠᠨᠠᠬᠢ ᠪᠣᠳᠠᠲᠠᠶᠢᠵᠢᠭᠤᠯᠤᠭᠰᠠᠨ ᠪᠡᠯᠡ ᠮᠥᠩᠭᠦ 167 ᠳ᠋ᠦᠩᠰᠢᠭᠤᠷ ᠲᠥᠭᠦᠷᠢᠭ ᠲᠤ ᠬᠦᠷᠴᠦ᠂ | ᠶᠡᠷᠦᠩᠬᠡᠶ ᠬᠡᠮᠵᠢᠶ᠎ᠡ ᠨᠢ ᠪᠦᠬᠦ ᠬᠤᠲᠠ ᠶᠢᠨ ᠬᠤᠶᠠᠳᠤᠭᠠᠷ ᠲᠤ ᠵᠢᠭᠰᠠᠭᠠᠭᠳᠠᠪᠠ᠃ | 【ᠬᠥᠲᠥᠯᠥᠭᠴᠢ】 | ᠪᠥᠬᠦ ᠬᠤᠲᠠ ᠶᠢᠨ ︽3+ 5+N︾ ᠭᠤᠤᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ ᠤᠨ | ᠲᠣᠭᠤᠷᠢᠨ ᠳᠤ᠂ ᠴᠢᠩᠱᠠᠨ ᠲᠣᠭᠤᠷᠢᠭ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ ᠶᠠᠮᠠᠷ ᠶᠠᠮᠠᠷ | ᠰᠢᠨ᠎ᠡ ᠠᠷᠭ᠎ᠠ ᠬᠡᠮᠵᠢᠶ᠎ᠡ ᠠᠪᠤᠭᠰᠠᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠺᠧ】 | ᠪᠢᠳᠡ ᠪᠥᠬᠦ ᠬᠤᠲᠠ ᠶᠢᠨ ︽3+ 5+N︾ ᠭᠤᠤᠯᠳᠠᠯᠭ᠎ᠠ ᠲᠠᠢ ᠠᠵᠤ ᠦᠢᠯᠡᠰ ᠤᠨ ᠰᠦᠷᠦᠭᠵᠢᠯ ᠤᠨ | ᠲᠣᠭᠤᠷᠢᠨ ᠳᠤ᠂ ︽ᠳᠡᠯᠡᠬᠡᠶ ᠶᠢᠨ ᠪᠣᠬᠢᠷᠲᠤᠯ ᠥᠬᠡᠶ︾ ᠴᠠᠬᠢᠭᠤᠷ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢ | ᠴᠢᠨᠠᠷ ᠰᠠᠶᠢᠲᠠᠶ ᠠᠬᠢᠭᠤᠯᠵᠤ᠂ ︽ᠳᠤᠮᠳᠠᠳᠤ ᠤᠯᠤᠰ ᠤᠨ ᠡᠨᠧᠷᠭᠢ ᠬᠠᠳᠠᠭᠠᠯᠠᠬᠤ ᠲᠥᠪ︾ ᠢ ᠪᠥᠬᠦ | ᠬᠦᠴᠦᠨ ᠢᠶᠠᠷ ᠢᠶᠠᠨ ᠴᠣᠭᠴᠠᠯᠠᠬᠤ ᠪᠠᠷ ᠬᠠᠷᠠᠯᠲᠠ ᠪᠣᠯᠭᠠᠵᠤ᠂ ᠲᠣᠰ ᠪᠡᠶ᠎ᠡ ᠶᠢᠨ ᠡᠬᠢ ᠪᠠᠶᠠᠯᠢᠭ ᠤᠨ | ᠳᠠᠪᠠᠭᠤᠯᠢᠭ ᠢᠶᠠᠨ ᠡᠮᠬᠢᠯᠡᠨ ᠨᠡᠶᠢᠯᠡᠭᠦᠯᠵᠦ᠂ ᠬᠤᠳᠠᠯᠳᠤᠭᠠᠴᠢᠨ ᠤᠷᠢᠬᠤ᠂ ᠨᠠᠷᠢᠯᠢᠭ ᠤᠨᠤᠪᠴᠢᠲᠠᠢ ᠬᠤᠳᠠᠯᠳᠤᠭᠠᠴᠢᠨ | ᠤᠷᠢᠬᠤ ᠶᠢ ᠶᠡᠭᠡ ᠪᠠᠷ ᠠᠳᠬᠤᠵᠤ᠂ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠠᠵᠤ ᠠᠬᠤᠶᠢᠯᠠᠯ ᠳᠤ ᠦᠢᠯᠡᠴᠢᠯᠡᠪᠡ᠃ | ᠨᠢᠭᠡ ᠳᠤ᠂ ᠬᠡᠯᠬᠢᠶ᠎ᠡ ᠪᠠᠷ ᠬᠤᠳᠠᠯᠳᠤᠭᠠᠴᠢᠨ ᠤᠷᠢᠬᠤ ᠳᠠᠪᠠᠭᠤᠯᠢᠭ ᠢ ᠪᠠᠳᠠᠷᠠᠭᠤᠯᠵᠤ᠂ ᠭᠡᠷᠡᠯ ᠴᠡᠨᠡᠭ ᠤᠨ ᠠᠵᠤ | ᠦᠢᠯᠡᠰ ᠤᠨ ᠢᠵᠢ ᠪᠦᠷᠢᠳᠦᠭᠦᠯᠬᠦ ᠦᠢᠯᠡᠳᠦᠯ ᠢᠯᠡᠳᠲᠡ ᠪᠣᠯᠪᠠ᠃ ᠪᠢᠳᠡ ᠲᠠᠯᠠᠰᠲᠤ ᠴᠠᠬᠢᠭᠤᠷ ᠭᠡᠷᠡᠯ ᠴᠡᠨᠡᠭ ᠤᠨ | ᠠᠵᠢᠯ ᠲᠦᠷᠦᠯ ᠤᠨ ᠦᠶᠡᠯᠡᠯ ᠤᠨ ᠴᠢᠨᠠᠷᠲᠠᠢ ᠲᠤᠬᠢᠷᠠᠭᠤᠯᠤᠯᠳᠠ ᠶᠢ ᠢᠳᠡᠪᠬᠢᠲᠡᠢ ᠠᠷᠭᠠᠴᠠᠵᠤ᠂ ᠠᠲ᠋ᠧᠰ᠂ ᠵᠢᠩ ᠤᠣ᠂ | ᠬᠤᠩ ᠶᠤᠸᠠᠨ ᠵᠡᠷᠭᠡ ᠲᠦᠷᠦᠭᠦᠦ ᠠᠵᠤ ᠠᠬᠤᠶᠢᠯᠠᠯ ᠤᠨ ᠲᠦᠷᠦᠯ ᠲᠡᠮᠳᠡᠭ ᠤᠨ ᠦᠢᠯᠡᠳᠦᠯ ᠢ ᠠᠰᠢᠭᠯᠠᠨ ᠠᠵᠤ | ᠦᠢᠯᠡᠰ ᠤᠨ ᠬᠡᠯᠬᠢᠶ᠎ᠡ ᠶᠢᠨ ᠳᠡᠭᠡᠳᠦ ᠳᠤᠤᠷᠠᠳᠤ ᠤᠷᠤᠰᠬᠠᠯ ᠤᠨ ᠠᠵᠤ ᠠᠬᠤᠶᠢᠯᠠᠯ ᠲᠠᠢ ᠤᠨᠢᠨ ᠳᠡᠭᠡᠷ᠎ᠡ ᠨᠢ | ᠵᠣᠯᠭᠠᠭᠤᠯᠵᠤ᠂ ᠤᠷᠢᠳ ᠬᠤᠵᠢᠳ ᠡᠨᠧᠷᠭᠢ ᠴᠠᠬᠢᠯᠭᠠᠨ ᠴᠠᠬᠢᠯᠭᠠᠨ ᠭᠡᠷᠡᠯ ᠴᠡᠨᠡᠭ ᠤᠨ ᠰᠥᠷᠭᠡᠦ ᠬᠤᠪᠢᠰᠬᠠᠭᠤᠷ᠂ | ᠵᠦᠩ ᠰᠢᠨ ᠴᠧᠩ ᠬᠤᠪᠣᠷ ᠰᠢᠷᠣᠢ ᠶᠢᠨ ᠭᠡᠷᠡᠯ ᠴᠡᠨᠡᠭ ᠤᠨ ᠤᠷᠢᠳᠴᠢᠯᠠᠨ ᠦᠢᠯᠡᠳᠬᠦ ᠬᠤᠭᠤᠯᠠᠢ ᠪᠠᠭᠠᠨ᠎ᠠ᠂ ᠳ᠋ᠠ | ᠮᠦᠸᠧ ᠬᠤᠩ ᠮᠧᠩ ᠭᠡᠷᠡᠯ ᠴᠡᠨᠡᠭ ᠤᠨ ᠲᠤᠨᠤᠭ ᠲᠥᠬᠦᠭᠡᠷᠦᠮᠵᠢ ᠶᠢᠨ ᠬᠦᠩᠭᠡᠨ ᠴᠠᠭᠠᠨ ᠤ ᠬᠥᠪᠡᠭᠡ ᠬᠦᠷᠢᠶ᠎ᠡ᠂ | ᠴᠢᠶᠦ᠋ᠨ ᠾᠧ ᠱᠢ ᠶᠢᠩ ᠬᠠᠶᠢᠯᠣᠭᠤᠷ ᠤᠨ ᠬᠤᠶᠠᠳᠤᠭᠠᠷ ᠬᠤᠭᠤᠴᠠᠭ᠎ᠠ ᠵᠡᠷᠭᠡ 16 ᠢᠵᠢ ᠲᠦᠷᠦᠯ ᠵᠦᠢᠯ ᠢ | ᠣᠷᠣᠭᠤᠯᠤᠨ ᠠᠪᠴᠢᠷᠠᠵᠤ᠂ ᠭᠡᠷᠡᠯ ᠴᠡᠨᠡᠭ ᠤᠨ ᠠᠵᠤ ᠦᠢᠯᠡᠰ ᠤᠨ ᠲᠦᠷᠦᠯ ᠵᠦᠢᠯ ᠢ ᠴᠢᠨᠠᠭᠰᠢᠳᠠ | ᠪᠠᠶᠠᠯᠢᠭᠵᠢᠭᠤᠯᠵᠤ᠂ ᠲᠤᠰ ᠭᠠᠵᠠᠷ ᠤᠨ ᠭᠡᠷᠡᠯ ᠴᠡᠨᠡᠭ ᠤᠨ ᠠᠵᠤ ᠠᠬᠤᠶᠢᠯᠠᠯ ᠤᠨ ᠡᠯ᠎ᠡ ᠭᠤᠭᠴᠤᠭ᠎ᠠ ᠶᠢᠨ | ᠦᠢᠯᠡᠳᠪᠦᠷᠢᠯᠡᠯ ᠤᠨ ᠥᠪᠡᠷ ᠤᠨ ᠦᠷᠳᠡᠭ ᠢ ᠪᠠᠭᠤᠷᠠᠭᠤᠯᠪᠠ᠃ 2024 ᠣᠨ ᠳᠤ᠂ ᠴᠢᠩᠱᠠᠨ ᠲᠣᠭᠤᠷᠢᠭ ᠤᠨ ᠭᠡᠷᠡᠯ | ᠴᠡᠨᠡᠭ ᠤᠨ ᠲᠣᠨᠣᠭᠯᠠᠯ ᠤᠨ ᠠᠵᠤ ᠦᠢᠯᠡᠰ ᠤᠨ ᠲᠥᠪᠯᠡᠷᠡᠯ ᠥᠪᠡᠷᠲᠡᠭᠡᠨ ᠵᠠᠰᠠᠬᠤ ᠣᠷᠣᠨ ᠤ ᠴᠣᠷ ᠤᠨ ᠭᠠᠭᠴᠠ | ᠤᠯᠤᠰ ᠤᠨ ᠳᠤᠮᠳᠠ ᠵᠢᠵᠢᠭ ᠠᠵᠤ ᠠᠬᠤᠶᠢᠯᠠᠯ ᠤᠨ ᠤᠨᠴᠠᠯᠢᠭᠳᠤ ᠠᠵᠤ ᠦᠢᠯᠡᠰ ᠤᠨ ᠪᠦᠯᠦᠭᠯᠡᠯ ᠪᠣᠯᠪᠠ᠃ | ᠬᠤᠶᠠᠷ ᠲᠤ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠤᠰᠤᠲᠥ᠋ᠷᠥᠭᠴᠢ | ᠨᠥᠭᠡᠴᠡᠯᠡᠬᠦ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠨᠡᠭᠡᠭᠡᠪᠡ᠃ ᠪᠢᠳᠡ ᠡᠩ ᠲᠡᠷᠢᠭᠦᠨ ᠳᠤ | ᠥᠪᠡᠷᠲᠡᠭᠡᠨ ᠵᠠᠰᠠᠬᠤ ᠣᠷᠣᠨ ᠤ ᠠᠩᠬᠠᠳᠠᠭᠴᠢ ᠤᠰᠤᠲᠥ᠋ᠷᠥᠭᠴᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠤᠨ | ᠬᠦᠷᠢᠶᠡᠯᠡᠩ ᠢ ᠪᠠᠶᠢᠷᠢᠰᠢᠭᠤᠯᠤᠨ ᠪᠠᠶᠢᠭᠤᠯᠵᠤ᠂ ᠱᠠᠩᠬᠠᠶ ᠴᠢᠩ ᠴᠧᠨ ᠲᠦᠯᠡᠰᠢᠨ ᠳ᠋ᠢᠶᠠᠨ ᡂᠢ ᠶᠢᠨ ᠴᠠᠬᠢᠯᠭᠠᠨ | ᠴᠡᠨᠡᠭ ᠢᠶᠠᠷ ᠤᠭᠰᠠᠷᠠᠬᠤ᠂ ᠱᠠᠩᠬᠠᠶ ᠺᠦᠨ ᠬᠤᠸᠠ ᠲᠦᠯᠡᠰᠢᠨ ᠳ᠋ᠢᠶᠠᠨ ᡂᠢ ᠶᠢᠨ ᠬᠥᠳᠡᠯᠭᠡᠬᠦ ᠬᠦᠴᠦᠨ ᠤ ᠰᠢᠰᠲ᠋ᠧᠮ᠂ | ᠵᠧᠵᠢᠶᠠᠩ ᠯᠠᠨ ᠨᠧᠩ ᠮᠠᠰᠢᠨ ᠲᠡᠷᠭᠡ ᠪᠠᠷ ᠤᠰᠤᠲᠥ᠋ᠷᠥᠭᠴᠢ ᠬᠠᠳᠠᠭᠠᠯᠠᠬᠤ ᠰᠢᠰᠲ᠋ᠧᠮ ᠤᠨ ᠴᠤᠭᠯᠠᠭᠠᠨ᠂ ᠱᠠᠩᠬᠠᠶ | ᠵᠦᠩ ᠰᠦ ᠴᠠᠬᠢᠯᠭᠠᠨ ᠴᠡᠨᠡᠭ ᠤᠨ ᠰᠢᠰᠲ᠋ᠧᠮ᠂ ᠱᠠᠩᠬᠠᠶ ᠵᠢᠶᠧ ᠨᠢᠩ ᠲᠦᠯᠡᠰᠢᠨ ᠳ᠋ᠢᠶᠠᠨ ᡂᠢ ᠪᠣᠯᠤᠨ ᠨᠥᠭᠡᠴᠡ / | ᠤᠰᠤᠲᠥ᠋ᠷᠥᠭᠴᠢ ᠰᠣᠯᠢᠬᠤ ᠰᠢᠰᠲ᠋ᠧᠮ ᠵᠡᠷᠭᠡ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠨᠢ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠤᠰᠤᠲᠥ᠋ᠷᠥᠭᠴᠢ ᠶᠢᠨ ᠡᠨᠧᠷᠭᠢ ᠶᠢᠨ | ᠬᠦᠷᠢᠶᠡᠨ ᠳᠠᠬᠢ ︽ᠬᠠᠳᠠᠭᠠᠯᠠᠬᠤ᠂ ᠲᠡᠭᠡᠭᠡᠪᠦᠷᠢᠯᠡᠬᠦ᠂ ᠨᠡᠮᠡᠵᠦ ᠬᠡᠷᠡᠭᠯᠡᠬᠦ︾ ᠪᠥᠬᠦ ᠠᠵᠤ ᠦᠢᠯᠡᠰ ᠤᠨ ᠬᠡᠯᠬᠢᠶ᠎ᠡ ᠶᠢ | ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠴᠢᠨᠠᠭᠰᠢᠯᠠᠪᠠᠯ ᠪᠠᠷᠠᠭᠤᠨ ᠬᠤᠶᠢᠲᠤ ᠣᠷᠣᠨ ᠤ ᠤᠰᠤᠲᠥ᠋ᠷᠥᠭᠴᠢ | ᠡᠨᠧᠷᠭᠢ ᠶᠢᠨ ᠲᠣᠨᠣᠭᠯᠠᠯ ᠤᠨ ᠠᠵᠤ ᠦᠢᠯᠡᠰ ᠤᠨ ᠥᠨᠳᠦᠷᠯᠢᠭ ᠪᠣᠯᠬᠤ ᠪᠣᠯᠤᠮᠵᠢ ᠲᠠᠢ ᠪᠠᠶᠢᠨ᠎ᠠ᠃ 2024 | ᠣᠨ ᠳᠤ ᠪᠢᠳᠡ ᠥᠷᠭᠡᠷᠢᠭ ᠤᠨ ᠦᠵᠡᠮᠵᠢ 3GW ᠴᠠᠶᠢᠷ ᠲᠡᠮᠦᠷ ᠤᠨ ᠰᠢᠩᠭᠡᠨ ᠤᠷᠤᠰᠬᠠᠯᠲᠤ ᠡᠨᠧᠷᠭᠢ | ᠬᠠᠳᠠᠭᠠᠯᠠᠬᠤ ᠳ᠋ᠢᠶᠠᠨ ᡂᠢ᠂ ᠭᠦᠸᠧ ᠰᠢᠤᠸᠠᠨ 15GWh ᠯᠢᠲ᠋ᠢ ᠴᠠᠬᠢᠯᠭᠠᠨ ᠴᠡᠨᠡᠭ ᠤᠨ ᠴᠠᠬᠢᠯᠭᠠᠨ ᠭᠤᠣᠯ | ᠵᠡᠷᠭᠡ ᠨᠢᠭᠡ ᠪᠦᠯᠦᠭ ᠪᠤᠭᠤᠲᠤ ᠬᠤᠳᠠ ᠶᠢᠨ ᠪᠡᠯᠭᠡ ᠲᠡᠮᠳᠡᠭ ᠤᠨ ᠴᠢᠨᠠᠷᠲᠠᠢ ᠡᠨᠧᠷᠭᠢ ᠬᠠᠳᠠᠭᠠᠯᠠᠬᠤ ᠲᠦᠷᠦᠯ | ᠵᠦᠢᠯ ᠢ ᠠᠵᠢᠯ ᠡᠬᠢᠯᠡᠭᠦᠯᠦᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠩᠭᠡᠨ ᠤᠷᠤᠰᠬᠠᠯ ᠤᠨ ᠡᠨᠧᠷᠭᠢ | ᠬᠠᠳᠠᠭᠠᠯᠠᠬᠤ ᠳ᠋ᠢᠶᠠᠨ ᡂᠢ᠂ ᠳ᠋ᠢᠶᠠᠨ ᡂᠢ ᠶᠢᠨ ᠴᠠᠬᠢᠯᠭᠠᠨ ᠭᠤᠣᠯ ᠤᠨ ᠠᠵᠤ ᠦᠢᠯᠡᠰ ᠤᠨ ᠬᠤᠭᠤᠰᠣᠨ ᠢ | ᠨᠥᠬᠦᠪᠥᠷᠢᠯᠡᠵᠦ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠨᠢ ᠴᠢᠩᠱᠠᠨ | ᠲᠣᠭᠤᠷᠢᠭ ᠤᠨ ᠲᠤᠨᠤᠭ ᠲᠥᠬᠦᠭᠡᠷᠦᠮᠵᠢ ᠦᠢᠯᠡᠳᠬᠦ᠂ ᠲᠠᠯᠠᠰᠲᠤ ᠴᠠᠬᠢᠭᠤᠷ ᠤᠨ ᠭᠡᠷᠡᠯ ᠴᠡᠨᠡᠭ ᠤᠨ ᠳᠠᠷᠠᠭᠠᠬᠢ ᠪᠠᠰᠠ | ᠨᠢᠭᠡ ᠲᠤᠭ ᠲᠡᠮᠳᠡᠭ ᠲᠠᠢ ᠠᠵᠤ ᠦᠢᠯᠡᠰ ᠤᠨ ᠪᠦᠯᠦᠭᠯᠡᠯ ᠪᠣᠯᠬᠤ ᠪᠣᠯᠤᠨ᠎ᠠ᠃ | 【ᠬᠥᠲᠥᠯᠥᠭᠴᠢ】 | 2025 ᠣᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠳᠤ ᠶᠠᠮᠠᠷ ᠲᠥᠯᠥᠪᠯᠡᠭᠡ ᠲᠠᠢ | ᠪᠠᠶᠢᠷᠢᠯᠠᠭᠤᠯᠤᠯᠲᠠ ᠬᠢᠭᠰᠡᠨ ᠪᠣᠶ︖ | 【ᠰᠤᠷᠪᠤᠯᠵᠢᠯᠠᠭ᠎ᠠ ᠬᠦᠯᠢᠶᠡᠭᠰᠡᠨ ᠵᠤᠴᠢᠨ ᠭᠤᠤ ᠺᠧ】 | ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠴᠦᠰ ᠤᠨ ᠵᠢᠯ | ᠪᠣᠯᠤᠨ᠎ᠠ᠂ ᠮᠥᠨᠴᠦ ︽ᠠᠷᠪᠠᠨ ᠲᠠᠪᠤᠳᠤᠭᠠᠷ ᠲᠠᠪᠤᠨ ᠵᠢᠯ︾ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠵᠢᠯ | ᠪᠣᠯᠤᠨ᠎ᠠ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠰᠠᠶᠢᠲᠤᠷ ᠬᠢᠬᠦ ᠨᠢ ᠲᠦᠢᠯ ᠤᠨ ᠴᠢᠬᠤᠯᠠ ᠶᠤᠮ᠃ | ᠨᠢᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠡᠮᠵᠢᠶ᠎ᠡ ᠶᠢ ᠥᠷᠭᠡᠳᠬᠡᠵᠦ᠂ ᠣᠯᠠᠨ ᠡᠰᠢᠵᠢᠭᠰᠡᠨ | ᠬᠤᠳᠠᠯᠳᠤᠭᠠᠴᠢᠨ ᠤᠷᠢᠬᠤ ᠠᠷᠭ᠎ᠠ ᠵᠠᠮ ᠢ ᠲᠡᠭᠦᠯᠳᠡᠷᠵᠢᠭᠦᠯᠦᠨ᠋᠃ ᠪᠢᠳᠡ ᠤᠯᠤᠰ ᠤᠨ ᠳᠣᠲᠣᠭᠠᠳᠤ ᠶᠢᠨ ᠨᠥᠯᠥᠭᠡᠯᠡᠬᠦ | ᠬᠦᠴᠦᠨ ᠢᠶᠠᠷ ᠶᠡᠭᠡ᠂ ᠠᠵᠤ ᠦᠢᠯᠡᠰ ᠤᠨ ᠵᠣᠬᠢᠴᠠᠮᠵᠢ ᠶᠢᠨ ᠬᠡᠮᠵᠢᠶ᠎ᠡ ᠪᠠᠷ ᠥᠨᠳᠥᠷ ᠴᠢᠬᠤᠯᠠ ᠬᠤᠷᠠᠯ | ᠦᠵᠡᠰᠬᠦᠯᠡᠩ ᠤᠨ ᠠᠵᠢᠯᠯᠠᠭ᠎ᠠ ᠶᠢ ᠭᠦᠢᠴᠡᠳ ᠠᠰᠢᠭᠯᠠᠨ᠂ ︽ᠨᠢᠭᠡ ᠦᠵᠡᠰᠬᠦᠯᠡᠩ ᠨᠢᠭᠡ ᠪᠣᠳᠣᠯᠭ᠎ᠠ︾᠂ ︽ᠨᠢᠭᠡ | ᠬᠤᠷᠠᠯ ᠨᠢᠭᠡ ᠠᠷᠭ᠎ᠠ ᠪᠣᠳᠣᠯᠭ᠎ᠠ︾ ᠶᠢᠨ ᠲᠤᠰᠬᠠᠶ ᠰᠡᠳᠦᠪᠲᠦ ᠬᠤᠳᠠᠯᠳᠤᠭᠠᠴᠢᠨ ᠤᠷᠢᠬᠤ ᠲᠥᠰᠦᠯ ᠢ ᠲᠣᠭᠲᠠᠭᠠᠵᠤ᠂ | ᠦᠵᠡᠰᠬᠦᠯᠡᠩ ᠳᠤ ᠣᠷᠣᠯᠴᠠᠬᠤ ᠠᠵᠤ ᠠᠬᠤᠶᠢᠯᠠᠯ ᠲᠠᠢ ᠨᠠᠷᠢᠯᠢᠭ ᠤᠨᠤᠪᠴᠢᠲᠠᠢ ᠵᠤᠯᠭᠠᠭᠤᠯᠤᠨ᠎ᠠ︔ ︽ᠰᠢᠨ᠎ᠡ | ᠡᠨᠧᠷᠭᠢ ᠶᠢᠨ ᠪᠦᠲᠦᠭᠡᠨ ᠪᠠᠶᠢᠭᠤᠯᠤᠯᠲᠠ ᠶᠢᠨ ᠭᠦᠢᠴᠡᠳᠬᠡᠯ ᠲᠤᠭ᠎ᠠ ᠶᠢ ᠲᠣᠬᠢᠷᠠᠭᠤᠯᠬᠤ︾ ᠡᠨᠡ ᠬᠦ | ᠬᠤᠳᠠᠯᠳᠤᠭᠠᠴᠢᠨ ᠤᠷᠢᠬᠤ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠤᠯᠤᠰ ᠤᠨ ᠥᠮᠴᠢᠯᠡᠯ ᠤᠨ ᠺᠣᠮᠫᠠᠨᠢ ᠬᠢᠭᠡᠳ | ᠭᠤᠣᠯᠳᠠᠯᠭ᠎ᠠ ᠲᠠᠢ ᠠᠵᠤ ᠠᠬᠤᠶᠢᠯᠠᠯ ᠤᠨ ᠥᠪᠥᠷ ᠮᠣᠩᠭᠤᠯ ᠤᠨ ᠪᠠᠷᠠᠭᠤᠨ ᠬᠡᠰᠡᠭ ᠤᠨ ᠡᠨᠧᠷᠭᠢ ᠶᠢᠨ ᠨᠡᠭᠡᠭᠡᠨ | ᠬᠥᠭᠵᠢᠭᠦᠯᠦᠯᠲᠡ ᠶᠢᠨ ᠺᠣᠮᠫᠠᠨᠢ ᠶᠢ ᠵᠣᠬᠢᠶᠠᠨ ᠪᠠᠶᠢᠭᠤᠯᠬᠤ ᠠᠵᠠ ᠲᠣᠬᠢᠶᠠᠯ ᠢ ᠰᠠᠶᠢᠲᠤᠷ ᠠᠰᠢᠭᠯᠠᠨ᠂ ︽ᠨᠡᠭᠡᠭᠡᠨ | ᠬᠥᠭᠵᠢᠭᠦᠯᠵᠦ ᠰᠢᠩᠭᠡᠭᠡᠨ ᠠᠪᠬᠤ︾ ᠵᠠᠭᠪᠤᠷ ᠢ ᠬᠠᠶᠢᠨ ᠰᠦᠪᠡᠭᠴᠢᠯᠡᠵᠦ᠂ ᠳᠡᠭᠡᠳᠦ ᠳᠤᠤᠷᠠᠳᠤ ᠤᠷᠤᠰᠬᠠᠯ᠂ ᠵᠡᠭᠦᠨ | ᠳᠤᠮᠳᠠ ᠪᠠᠷᠠᠭᠤᠨ ᠬᠡᠰᠡᠭ ᠪᠠ ᠬᠤᠯᠪᠣᠭᠳᠠᠬᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ | ᠬᠤᠶᠠᠷ ᠲᠤ᠂ ᠨᠢᠭᠡᠨᠲᠡ ᠪᠠᠶᠢᠭ᠎ᠠ ᠳᠠᠪᠠᠭᠤᠯᠢᠭ ᠠᠵᠤ ᠦᠢᠯᠡᠰ ᠤᠨ ᠨᠥᠯᠥᠭᠡᠯᠡᠬᠦ ᠬᠦᠴᠦᠨ ᠢ ᠥᠷᠭᠡᠳᠬᠡᠵᠦ᠂ | ᠢᠷᠡᠭᠡᠳᠦᠢ ᠶᠢᠨ ᠠᠵᠤ ᠦᠢᠯᠡᠰ ᠤᠨ ᠰᠢᠨ᠎ᠡ ᠤᠷᠤᠯᠳᠤᠭᠠᠨ ᠤ ᠵᠠᠮ ᠢ ᠦᠷᠭᠡᠳᠭᠡᠨ᠎ᠡ᠃ ᠨᠢᠭᠡ ᠲᠠᠯ᠎ᠠ ᠪᠠᠷ᠂ ᠪᠢᠳᠡ | ᠲᠤᠰ ᠭᠠᠵᠠᠷ ᠤᠨ ᠭᠤᠣᠯᠯᠠᠬᠤ ᠠᠵᠤ ᠦᠢᠯᠡᠰ ᠤᠨ ᠲᠣᠭᠤᠷᠢᠨ ᠳᠤ᠂ ︽ᠬᠡᠯᠬᠢᠶ᠎ᠡ ᠶᠢ ᠬᠦᠴᠦᠷᠬᠡᠭᠵᠢᠭᠦᠯᠬᠦ︾ | ︽ᠬᠡᠯᠬᠢᠶ᠎ᠡ ᠶᠢ ᠨᠥᠬᠦᠪᠥᠷᠢᠯᠡᠬᠦ︾ ︽ᠬᠡᠯᠬᠢᠶ᠎ᠡ ᠶᠢ ᠤᠷᠲᠤᠳᠬᠠᠬᠤ︾ ᠴᠢᠭᠯᠡᠯ ᠢ ᠲᠣᠳᠣᠷᠬᠠᠶᠢᠯᠠᠨ᠎ᠠ᠃ ᠲᠠᠯᠠᠰᠲᠤ ᠴᠠᠬᠢᠭᠤᠷ | ᠭᠡᠷᠡᠯ ᠴᠡᠨᠡᠭ ᠤᠨ ᠠᠵᠤ ᠦᠢᠯᠡᠰ ᠤᠨ ᠪᠥᠭᠡᠮᠨᠡᠷᠡᠯ ᠤᠨ ᠬᠥᠭᠵᠢᠯᠲᠡ ᠶᠢᠨ ᠳᠠᠪᠠᠭᠤᠯᠢᠭ ᠢ ᠦᠷᠭᠦᠯᠵᠢᠯᠡᠨ | ᠪᠠᠬᠢᠵᠢᠭᠦᠯᠵᠦ᠂ ᠤᠰᠤᠲᠥ᠋ᠷᠥᠭᠴᠢ ᠡᠨᠧᠷᠭᠢ ᠶᠢᠨ ᠡᠨᠧᠷᠭᠢ ᠬᠠᠳᠠᠭᠠᠯᠠᠬᠤ ᠠᠵᠤ ᠦᠢᠯᠡᠰ ᠲᠤ ᠠᠩᠬᠠᠷᠤᠯ ᠢᠶᠠᠨ | ᠲᠥᠪᠯᠡᠷᠡᠭᠦᠯᠦᠨ ᠶᠡᠭᠡ ᠪᠠᠷ ᠬᠦᠴᠦ ᠲᠠᠯᠪᠢᠨ᠎ᠠ᠃ ᠨᠥᠭᠦᠭᠡ ᠲᠠᠯ᠎ᠠ ᠪᠠᠷ᠂ ᠪᠢᠳᠡ ᠲᠣᠰ ᠪᠡᠶ᠎ᠡ ᠶᠢᠨ ᠰᠠᠭᠤᠷᠢ | ᠨᠥᠬᠦᠴᠡᠯ ᠲᠠᠢ ᠪᠠᠨ ᠤᠶᠠᠯᠳᠤᠭᠤᠯᠤᠨ᠂ ᠬᠠᠭᠠᠰ ᠳᠠᠮᠵᠢᠭᠤᠯᠤᠭᠴᠢ ᠶᠢᠨ ᠮᠠᠲ᠋ᠧᠷᠢᠶᠠᠯ᠂ ᠳᠡᠭᠡᠳᠦ ᠲᠠᠰ ᠤᠨ | ᠡᠮᠴᠢᠯᠡᠭᠡᠨ ᠤ ᠪᠠᠭᠠᠵᠢ ᠬᠡᠷᠡᠭᠰᠡᠯ᠂ ᠠᠮᠢᠳᠤ ᠪᠣᠳᠠᠰ ᠦᠢᠯᠡᠳᠬᠦ᠂ ᠣᠶᠤᠨᠴᠢ ᠦᠢᠯᠡᠳᠬᠦ᠂ ᠳᠤᠤᠷ᠎ᠠ ᠠᠭᠠᠷ ᠤᠨ ᠠᠵᠤ | ᠠᠬᠤᠶ ᠪᠠ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠵᠡᠷᠭᠡ ᠠᠵᠤ ᠦᠢᠯᠡᠰ ᠤᠨ ᠰᠢᠨ᠎ᠡ | ᠤᠷᠤᠯᠳᠤᠭᠠᠨ ᠤ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠰᠢᠨ᠎ᠡ ᠴᠢᠨᠠᠷ ᠤᠨ | ᠦᠢᠯᠡᠳᠪᠦᠷᠢᠯᠡᠯ ᠤᠨ ᠬᠦᠴᠦᠨ ᠤ ᠲᠥᠷᠥᠯ ᠵᠦᠢᠯ ᠢ ᠣᠷᠣᠭᠤᠯᠤᠨ ᠠᠪᠴᠢᠷᠠᠵᠤ ᠨᠠᠶᠢᠲᠠᠪᠦᠷᠢᠵᠢᠭᠤᠯᠤᠨ᠎ᠠ᠃ | ᠭᠤᠷᠪᠠ ᠳᠤ᠂ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠢ ᠠᠳᠬᠤᠬᠤ ᠶᠢ | ᠪᠠᠷᠢᠮᠲᠠᠯᠠᠨ᠎ᠠ᠃ ᠪᠢᠳᠡ ︽ᠪᠠᠷᠢᠮᠵᠢᠶ᠎ᠠ ᠪᠠᠷ ᠬᠠᠩᠭᠠᠬᠤ︾᠂ ︽ᠤᠷᠲᠤ ᠬᠤᠭᠤᠴᠠᠭ᠎ᠠ ᠪᠠᠷ ᠲᠦᠷᠢᠶᠡᠰᠦᠯᠡᠬᠦ᠂ ᠤᠷᠢᠳ ᠢᠶᠠᠷ | ᠲᠦᠷᠢᠶᠡᠰᠦᠯᠡᠭᠦᠯᠵᠦ ᠳᠠᠷᠠᠭ᠎ᠠ ᠨᠢ ᠦᠭᠬᠦ︾ ︽ᠠᠮᠢᠳᠤᠯᠢᠭ ᠵᠢᠯ ᠤᠨ ᠬᠤᠭᠤᠴᠠᠭᠠᠨ ᠳᠤ ᠨᠥᠬᠦᠴᠡᠯ ᠲᠠᠢ ᠠᠦ᠋ᠲ᠋ᠣ᠋ | ᠬᠤᠭᠤᠴᠠᠭ᠎ᠠ ᠶᠢ ᠤᠷᠲᠤᠳᠬᠠᠬᠤ︾ ᠵᠡᠷᠭᠡ ᠲᠥᠷᠥ ᠶᠢᠨ ᠪᠣᠳᠣᠯᠭ᠎ᠠ ᠶᠢ ᠥᠨᠳᠥᠷ ᠪᠦᠲᠦᠮᠵᠢᠲᠡᠶ ᠬᠡᠷᠡᠭᠵᠢᠭᠦᠯᠵᠦ᠂ | ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠵᠦᠷᠢᠶᠡᠴᠢᠯᠡᠭᠰᠡᠨ ᠭᠠᠵᠠᠷ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ | ᠭᠦᠢᠴᠡᠳ ᠪᠠᠲᠤᠯᠠᠵᠤ᠂ ᠠᠵᠤ ᠠᠬᠤᠶᠢᠯᠠᠯ ᠤᠨ ᠡᠮᠦᠨᠡᠬᠢ ᠬᠤᠭᠤᠴᠠᠭᠠᠨ ᠤ ᠪᠡᠯᠡ ᠣᠷᠣᠭᠤᠯᠤᠯᠲᠠ ᠶᠢᠨ ᠳᠠᠷᠤᠯᠲᠠ ᠶᠢ | ᠪᠠᠭᠤᠷᠠᠭᠤᠯᠤᠨ᠎ᠠ᠃ ᠡᠭᠦᠨ ᠤ ᠬᠠᠮᠲᠤ᠂ ᠪᠢᠳᠡ ᠪᠠᠰᠠ ᠳᠥᠷᠪᠡᠨ ᠤᠳᠤᠷᠢᠳᠬᠤ ᠪᠠᠭ ᠭᠤᠤᠯᠳᠠᠯᠭ᠎ᠠ ᠲᠠᠢ ᠠᠵᠤ | ᠠᠬᠤᠶᠢᠯᠠᠯ ᠪᠠ ᠲᠥᠷᠥᠯ ᠵᠦᠢᠯ ᠢ ᠳᠠᠭᠠᠭᠠᠴᠢᠯᠠᠨ ᠬᠤᠯᠪᠣᠭᠠᠯᠠᠬᠤ ᠶᠢ ᠪᠠᠷᠢᠮᠲᠠᠯᠠᠵᠤ᠂ ᠲᠤᠰᠬᠠᠶ ᠠᠩᠭᠢ ᠵᠣᠬᠢᠶᠠᠨ | ᠪᠠᠶᠢᠭᠤᠯᠵᠤ ᠪᠥᠬᠦ ᠶᠠᠪᠤᠴᠠ ᠳᠤ ︽ᠬᠠᠪᠰᠤᠷᠤᠨ ᠭᠦᠢᠴᠡᠳᠭᠡᠬᠦ︾ ᠲᠥᠷᠥᠯ ᠵᠦᠢᠯ ᠤᠨ ᠭᠠᠷ ᠭᠦᠢᠴᠡᠳᠭᠡᠯ ᠢ ᠵᠣᠬᠢᠶᠠᠨ | ᠪᠠᠶᠢᠭᠤᠯᠤᠨ᠎ᠠ᠃ ᠬᠤᠲᠠ ᠶᠢᠨ ᠵᠠᠰᠠᠭ ᠤᠨ ᠣᠷᠳᠣᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠯᠦᠭᠡ | ᠢᠳᠡᠪᠬᠢᠲᠡᠶ ᠪᠠᠷ ᠨᠡᠪᠲᠡᠷᠡᠯᠴᠡᠨ ᠵᠣᠯᠭᠠᠭᠤᠯᠵᠤ᠂ ᠠᠵᠤ ᠠᠬᠤᠶᠢᠯᠠᠯ ᠢ ᠬᠠᠪᠰᠤᠷᠤᠨ ᠦᠢᠯᠡᠳᠬᠦᠨ ᠤ ᠵᠠᠬ᠎ᠠ | ᠳᠡᠯᠭᠡᠭᠦᠷ ᠤᠨ ᠠᠷᠭ᠎ᠠ ᠵᠠᠮ ᠢ ᠨᠢ ᠥᠷᠭᠡᠳᠬᠡᠵᠦ᠂ ᠨᠠᠩ ᠣᠯᠠᠨ ᠬᠡᠷᠡᠯ ᠴᠡᠨᠡᠭ᠂ ᠤᠰᠤᠲᠥ᠋ᠷᠥᠭᠴᠢ ᠡᠨᠧᠷᠭᠢ᠂ ᠡᠨᠧᠷᠭᠢ | ᠬᠠᠳᠠᠭᠠᠯᠠᠬᠤ ᠵᠡᠷᠭᠡ ᠦᠢᠯᠡᠳᠬᠦᠨ ᠪᠣᠷᠣᠯᠠᠭᠤᠯᠬᠤ ᠵᠠᠬᠢᠶᠠᠯᠠᠭ᠎ᠠ ᠶᠢᠨ ᠬᠠᠭᠤᠳᠠᠰᠤ ᠶᠢ ᠴᠢᠷᠮᠠᠶᠢᠨ ᠣᠯᠵᠤ᠂ ᠠᠵᠤ | ᠠᠬᠤᠶᠢᠯᠠᠯ ᠤᠨ ᠢᠲᠡᠭᠡᠯ ᠵᠣᠷᠢᠭ ᠢ ᠨᠢ ᠬᠥᠪᠴᠢᠯᠡᠨ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠨᠢ | ᠨᠡᠮᠡᠭᠳᠡᠭᠦᠯᠦᠨ᠎ᠡ᠃ | | | |