ᠴᠢᠩᠱᠠᠨ ᠲᠣᠭᠤᠷᠢᠭ ᠬᠠᠪᠤᠷ ᠤᠨ ᠰᠡᠷᠭᠡᠶᠢᠯᠡᠯᠲᠡ ᠶᠢᠨ ︽ᠤᠷᠢᠳᠠᠪᠠᠷ ᠲᠠᠷᠢᠵᠦ ᠳᠠᠷᠠᠭ᠎ᠠ ᠨᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2025/3/13
      ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠭᠦᠨᠵᠡᠭᠡᠶᠢᠷᠡᠭᠦᠯᠵᠦ᠂ ᠠᠯᠪᠠᠳᠠᠯᠭ᠎ᠠ ᠪᠠᠷ ᠥᠯᠥ ᠬᠠᠯᠳᠠᠭᠠᠯᠲᠠ ᠬᠢᠯᠭᠡᠬᠦ ︽ᠤᠷᠢᠳᠠᠪᠠᠷ ᠲᠠᠷᠢᠵᠦ ᠳᠠᠷᠠᠭ᠎ᠠ ᠨᠢ ᠨᠥᠬᠦᠪᠥᠷᠢᠯᠡᠬᠦ︾ ᠠᠵᠢᠯ ᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂ ᠮᠠᠯ ᠵᠢᠭᠦᠷᠲᠡᠨ ᠦᠢᠯᠡᠳᠪᠦᠷᠢᠯᠡᠨ ᠡᠵᠡᠩᠨᠡᠭᠴᠢ ᠶᠢᠨ ᠠᠯᠪᠠᠳᠠᠯᠭ᠎ᠠ ᠪᠠᠷ ᠥᠯᠥ ᠬᠠᠯᠳᠠᠭᠠᠯᠲᠠ ᠬᠢᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠮᠠᠨ ᠤ ᠲᠤᠭᠤᠷᠢᠭ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 10᠎ ᠤ ᠡᠳᠦᠷ᠂ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠠᠯᠪᠠᠳᠠᠯᠭ᠎ᠠ ᠪᠠᠷ ᠥᠯᠥ ᠬᠠᠯᠳᠠᠭᠠᠯᠲᠠ ᠬᠢᠬᠦ ︽ᠤᠷᠢᠳᠠᠪᠠᠷ ᠲᠠᠷᠢᠵᠦ ᠳᠠᠷᠠᠭ᠎ᠠ ᠨᠢ ᠨᠥᠬᠦᠪᠥᠷᠢᠯᠡᠬᠦ︾ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠵᠢᠴᠢ ᠲᠡᠵᠢᠭᠡᠨ ᠦᠷᠡᠵᠢᠭᠦᠯᠬᠦ ᠮᠡᠷᠭᠡᠵᠢᠯ ᠤᠨ ᠦᠢᠯᠡᠴᠢᠯᠡᠭᠡᠨ ᠤ ᠪᠣᠯᠪᠠᠰᠤᠷᠠᠯ ᠤᠨ ᠠᠩᠭᠢ ᠡᠷᠭᠢᠯᠡᠪᠡ᠃ ᠲᠤᠭᠤᠷᠢᠭ ᠤᠨ ᠠᠮᠢᠲᠠᠨ ᠤᠷᠭᠤᠮᠠᠯ ᠤᠨ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠤᠨ ᠬᠠᠷᠢᠭᠤᠴᠠᠯᠭᠠᠲᠠᠨ᠂ ᠲᠤᠬᠠᠶᠢᠯᠠᠭᠰᠠᠨ ᠠᠵᠢᠯ ᠤᠨ ᠭᠤᠤᠯᠯᠠᠭᠴᠢ ᠬᠦᠴᠦᠨ᠂ ᠬᠢᠵᠢᠭ ᠰᠡᠷᠭᠡᠶᠢᠯᠡᠭᠴᠢ᠂ ᠲᠡᠵᠢᠭᠡᠨ ᠦᠷᠡᠵᠢᠭᠦᠯᠬᠦ ᠲᠠᠯᠠᠪᠠᠶ ᠶᠢᠨ ᠡᠵᠡᠨ ᠤ ᠲᠥᠯᠥᠭᠡᠯᠡᠭᠴᠢ ᠨᠡᠶᠢᠲᠡ 70 ᠭᠠᠷᠤᠶ ᠬᠥᠮᠦᠨ ᠪᠣᠯᠪᠠᠰᠤᠷᠠᠯ ᠳᠤ ᠣᠷᠣᠯᠴᠠᠵᠠᠶ᠃       ᠬᠤᠷᠠᠯ ᠳᠡᠭᠡᠷ᠎ᠡ᠂ ᠪᠤᠭᠤᠲᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ︽ᠤᠷᠢᠳᠠᠪᠠᠷ ᠲᠠᠷᠢᠵᠦ ᠳᠠᠷᠠᠭ᠎ᠠ ᠨᠢ ᠨᠥᠬᠦᠪᠥᠷᠢᠯᠡᠬᠦ︾ ᠡᠭᠡᠯᠢᠯᠡᠭᠡ ᠶᠢᠨ ᠠᠵᠢᠯ ᠤᠨ ᠲᠤᠬᠠᠶ ᠰᠢᠨ᠎ᠡ ᠱᠠᠭᠠᠷᠳᠠᠯᠭ᠎ᠠ᠂ ᠰᠢᠨ᠎ᠡ ᠠᠷᠭ᠎ᠠ ᠬᠢᠳᠡᠯ ᠢ ᠤᠯᠠᠮᠵᠢᠯᠠᠵᠤ᠂ ᠰᠢᠨ᠎ᠡ ᠲᠥᠷᠥ ᠶᠢᠨ ᠪᠣᠳᠣᠯᠭ᠎ᠠ ᠶᠢᠨ ᠬᠤᠪᠢᠷᠠᠯᠲᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠵᠤ᠂ ᠲᠡᠵᠢᠭᠡᠨ ᠦᠷᠡᠵᠢᠭᠦᠯᠬᠦ ᠡᠷᠦᠬᠡ ︵ᠲᠠᠯᠠᠪᠠᠶ︶᠎ ᠶᠢᠨ ᠮᠠᠯ ᠵᠢᠭᠦᠷᠲᠡᠨ ᠤ ᠸᠠᠺᠼᠢᠨ ᠤ ᠲᠠᠷᠢᠯᠭ᠎ᠠ ᠶᠢᠨ ᠴᠤᠪᠤᠷᠠᠯ ᠳᠤ ᠲᠣᠳᠣᠷᠬᠠᠶ ᠵᠢᠯᠣᠭᠤᠳᠣᠯᠭ᠎ᠠ ᠬᠠᠩᠭᠠᠵᠤ᠂ ︽ᠤᠷᠢᠳᠠᠪᠠᠷ ᠲᠠᠷᠢᠵᠦ ᠳᠠᠷᠠᠭ᠎ᠠ ᠨᠢ ᠨᠥᠬᠦᠪᠥᠷᠢᠯᠡᠬᠦ︾ ᠬᠡᠷᠡᠭᠵᠢᠭᠦᠯᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠮᠠᠯ ᠠᠵᠤ ᠠᠬᠤᠶ ᠶᠢᠨ ᠲᠡᠭᠡᠭᠡᠪᠦᠷᠢ ᠶᠢᠨ ᠲᠦᠩ ᠰᠢᠰᠲ᠋ᠧᠮ ᠤᠨ ᠡᠭᠡᠯᠢᠯᠡᠭᠡ ᠶᠢᠨ ᠬᠡᠰᠡᠭ ᠲᠠᠢ ᠤᠶᠠᠯᠳᠤᠭᠤᠯᠤᠨ᠂ ᠬᠠᠪᠤᠷ ᠤᠨ ᠰᠡᠷᠭᠡᠶᠢᠯᠡᠯᠲᠡ ᠶᠢᠨ ᠲᠤᠭ᠎ᠠ ᠪᠠᠷᠢᠮᠲᠠ ᠵᠡᠷᠭᠡ ᠰᠠᠭᠤᠷᠢ ᠲᠤᠭ᠎ᠠ ᠪᠠᠷᠢᠮᠲᠠ ᠶᠢ ᠣᠷᠣᠭᠤᠯᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ︽ᠮᠡᠳᠡᠬᠦ ᠶᠣᠰᠣᠲᠠᠶ ᠶᠢ ᠨᠢ ᠪᠦᠬᠦᠨ ᠢ ᠮᠡᠳᠡᠵᠦ᠂ ᠳᠡᠯᠭᠡᠷᠡᠭᠦᠯᠬᠦ ᠶᠣᠰᠣᠲᠠᠶ ᠶᠢ ᠨᠢ ᠪᠦᠬᠦᠨ ᠢ ᠳᠡᠯᠭᠡᠷᠡᠭᠦᠯᠵᠦ᠂ ᠮᠡᠳᠡᠭᠦᠯᠬᠦ ᠶᠣᠰᠣᠲᠠᠶ ᠶᠢ ᠨᠢ ᠪᠦᠬᠦᠨ ᠢ ᠮᠡᠳᠡᠭᠦᠯᠬᠦ︾᠎ ᠶᠢ ᠦᠨᠡᠨ ᠬᠦ ᠪᠠᠲᠤᠯᠠᠵᠤ᠂ ᠡᠭᠡᠯᠢᠯᠡᠭᠡ ᠶᠢᠨ ᠭᠤᠤᠯᠳᠠᠯᠭ᠎ᠠ ᠲᠠᠢ ᠡᠭᠦᠷᠭᠡ᠂ ᠴᠠᠭ ᠬᠤᠭᠤᠴᠠᠭ᠎ᠠ ᠵᠠᠩᠭᠢᠯᠠᠭ᠎ᠠ ᠶᠢᠨ ᠴᠡᠭ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠶᠢᠯᠠᠨ᠂ ᠬᠠᠪᠤᠷ ᠤᠨ ᠰᠡᠷᠭᠡᠶᠢᠯᠡᠯᠲᠡ ᠶᠢᠨ ᠠᠵᠢᠯ ᠢ ᠥᠷᠨᠢᠭᠦᠯᠬᠦ ᠳᠤ ᠴᠢᠭᠯᠡᠯ ᠢ ᠲᠣᠳᠣᠷᠬᠠᠶ ᠵᠢᠭᠠᠵᠤ ᠥᠭᠭᠦᠭᠰᠡᠨ ᠪᠠᠶᠢᠨ᠎ᠠ᠃      ᠣᠯᠠᠨ ᠲᠦᠮᠡᠨ ᠤ ᠮᠠᠯ ᠠᠵᠤ ᠠᠬᠤᠶ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠬᠦ ᠶᠢᠨ ᠲᠥᠯᠥᠭᠡ᠂ ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠷᠲᠡᠬᠡᠨ ᠠᠷᠭ᠎ᠠ ᠰᠦᠪᠡᠭᠴᠢᠯᠡᠵᠦ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠵᠥᠩ ᠯᠢᠶᠠᠩ ᠪᠦᠯᠦᠭᠯᠡᠯ ᠪᠣᠯᠤᠨ ᠱᠠᠨᠳᠦ᠋ᠩ ᠰᠢᠨ  ᠳ᠋ᠧ ᠪᠦᠯᠦᠭᠯᠡᠯ ᠤᠨ ᠬᠤᠶᠠᠷ ᠨᠡᠷ᠎ᠡ ᠲᠥᠷᠥ ᠲᠠᠢ ᠪᠠᠭᠰᠢ ᠶᠢ ᠤᠷᠢᠵᠤ ᠸᠠᠺᠼᠢᠨ ᠤ ᠲᠠᠷᠢᠯᠭ᠎ᠠ ᠬᠢᠬᠦ ᠶᠠᠪᠤᠴᠠ᠂ ᠰᠢᠮᠡᠭᠦᠷ ᠬᠤᠷᠣᠬᠠᠶ ᠶᠢᠨ ᠬᠤᠤᠷ ᠬᠥᠨᠥᠭᠡᠯ᠂ ᠴᠡᠭᠡᠵᠢ ᠪᠦᠷᠬᠦᠪᠴᠢ ᠶᠢᠨ ᠠᠭᠤᠰᠬᠢᠨ ᠦᠷᠪᠢᠰᠦᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠵᠠᠰᠠᠬᠤ ᠵᠡᠷᠭᠡ ᠲᠠᠯ᠎ᠠ ᠶᠢᠨ ᠮᠡᠷᠭᠡᠵᠢᠯ ᠤᠨ ᠭᠤᠤᠯᠳᠠᠯᠭ᠎ᠠ ᠶᠢᠨ ᠲᠣᠭᠤᠷᠢᠨ ᠳᠤ᠂ ᠲᠡᠵᠢᠭᠡᠨ ᠦᠷᠡᠵᠢᠭᠦᠯᠬᠦ ᠡᠷᠦᠬᠡ ᠳᠤ ᠬᠢᠵᠢᠭ ᠢ ᠰᠡᠷᠭᠡᠶᠢᠯᠡᠬᠦ ᠮᠡᠳᠡᠯᠭᠡ ᠪᠠ ᠤᠷ᠎ᠠ ᠴᠢᠳᠠᠪᠤᠷᠢ ᠶᠢ ᠲᠠᠶᠢᠯᠪᠤᠷᠢᠯᠠᠨ ᠥᠭᠴᠦ᠂ ᠲᠡᠵᠢᠭᠡᠨ ᠦᠷᠡᠵᠢᠭᠦᠯᠬᠦ ᠡᠷᠦᠬᠡ ᠳᠤ ᠨᠢᠭᠡ ᠵᠦᠢᠯ ᠤᠨ ᠮᠡᠷᠭᠡᠵᠢᠯ ᠴᠢᠳᠠᠪᠤᠷᠢ ᠶᠢ ᠴᠢᠷᠮᠠᠶᠢᠨ ᠡᠵᠡᠮᠰᠢᠭᠦᠯᠵᠦ᠂ ᠲᠡᠵᠢᠭᠡᠨ ᠦᠷᠡᠵᠢᠭᠦᠯᠬᠦ ᠮᠡᠷᠭᠡᠵᠢᠯ ᠤᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠦᠨ᠎ᠡ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号