ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠤᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽ᠨᠢᠭᠤᠴᠠ ᠨᠣᠮᠧᠷ︾᠎ ᠢ ᠪᠦᠬᠦ ᠲᠠᠯ᠎ᠠ ᠪᠠᠷ ᠬᠦᠭᠵᠢᠭᠡᠨ᠎ᠡ
ᠨᠡᠶᠢᠲᠡᠯᠡᠭᠰᠡᠨ ᠴᠠᠭ᠄
2025/3/14
      ᠨᠡᠶᠢᠭᠡᠮ ᠲᠣᠭᠤᠷᠢᠭ ᠪᠣᠯ ᠬᠤᠲᠠ ᠶᠢᠨ ᠵᠠᠰᠠᠯᠲᠠ ᠶᠢᠨ ᠦᠨᠳᠦᠰᠦᠨ ᠨᠢᠭᠡᠴᠡ ᠮᠥᠨ᠂ ᠲᠦᠭ ᠲᠦᠮᠡᠨ ᠠᠶᠢᠯ ᠡᠷᠦᠬᠡ ᠶᠢᠨ ᠵᠣᠯ ᠵᠢᠷᠭᠠᠯ ᠲᠠᠢ ᠬᠤᠯᠪᠣᠭᠳᠠᠵᠤ ᠪᠠᠶᠢᠳᠠᠭ᠃ ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ︽ᠨᠢᠭᠤᠴᠠ ᠨᠣᠮᠧᠷ︾᠎ ᠢ ᠪᠦᠬᠦ ᠲᠠᠯ᠎ᠠ ᠪᠠᠷ ᠬᠥᠭᠵᠢᠭᠡᠵᠦ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠪᠣᠯᠤᠨ᠎ᠠ᠃ 2025 ᠣᠨ ᠳᠤ᠂ ᠶᠢᠨ ᠬᠠᠢ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠡᠯ᠎ᠡ ᠵᠦᠢᠯ ᠤᠨ ᠨᠠᠮ ᠤᠨ ᠪᠠᠶᠢᠭᠤᠯᠤᠯᠲᠠ ᠶᠢᠨ ᠡᠳᠦᠷ ᠲᠤᠳᠤᠮ ᠤᠨ ᠠᠵᠢᠯ ᠢ ᠢᠳᠡᠪᠬᠢᠲᠡᠢ ᠥᠷᠨᠢᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠣᠯ ᠵᠢᠷᠭᠠᠯᠲᠤ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠴᠢᠷᠮᠠᠶᠢᠨ ᠳᠡᠭᠡᠭᠰᠢᠯᠡᠭᠦᠯᠪᠡ᠃      ᠨᠢᠭᠡ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠳᠠᠶᠢᠴᠢᠨ ᠪᠠᠬᠢᠯᠡᠯᠲᠡ ᠶᠢ ᠪᠠᠲᠤ ᠴᠣᠭᠴᠠᠯᠠᠨ᠎ᠠ      ᠨᠠᠮ ᠤᠨ ᠪᠠᠶᠢᠭᠤᠯᠤᠯᠲᠠ ᠶᠢᠨ ᠵᠢᠯᠣᠭᠤᠳᠤᠮᠵᠢ ᠨᠢ ᠨᠡᠶᠢᠭᠡᠮ ᠲᠣᠭᠤᠷᠢᠭ ᠤᠨ ᠵᠠᠰᠠᠯᠲᠠ ᠳᠤ ᠪᠠᠲᠤ ᠪᠠᠬᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠵᠤ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠢ ᠤᠳᠤᠷᠢᠳᠬᠤ ᠭᠤᠣᠯᠯᠠᠬᠴᠢ ᠪᠣᠯᠤᠭᠰᠠᠨ ᠤ ᠬᠤᠪᠢ ᠳᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠴᠢᠭᠯᠡᠯ ᠢ ᠭᠡᠷᠡᠯᠲᠦᠭᠦᠯᠪᠡ᠃ ᠨᠠᠮ ᠤᠨ ᠬᠤᠷᠢᠶᠠᠨ ᠤ ᠬᠤᠷᠠᠯ ᠢᠶᠠᠷ ᠳᠠᠮᠵᠢᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠶᠢ ᠰᠤᠳᠤᠯᠤᠨ ᠪᠠᠶᠢᠷᠢᠯᠠᠭᠤᠯᠪᠠ᠃ ︽ᠭᠤᠷᠪᠠᠨ ᠬᠤᠷᠠᠯ ᠨᠢᠭᠡ ᠬᠢᠴᠢᠶᠡᠯ︾᠎ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠡᠭᠦᠷ ᠤᠨ ᠭᠡᠰᠢᠭᠦᠳ ᠤᠨ ᠬᠤᠷᠠᠯ᠂ ᠨᠠᠮ ᠤᠨ ᠭᠡᠰᠢᠭᠦᠨ ᠤ ᠶᠡᠭᠡ ᠬᠤᠷᠠᠯ᠂ ᠨᠠᠮ ᠤᠨ ᠬᠢᠴᠢᠶᠡᠯ ᠵᠡᠷᠭᠡ ᠠᠷᠭ᠎ᠠ ᠮᠠᠶ᠋ᠢᠭ ᠢ ᠠᠰᠢᠭᠯᠠᠨ᠂ ᠨᠠᠮ ᠤᠨ ᠭᠡᠰᠢᠭᠦᠨ ᠤ ᠦᠵᠡᠯ ᠰᠠᠨᠠᠭ᠎ᠠ ᠤᠯᠤᠰ ᠲᠥᠷᠥ ᠶᠢᠨ ᠬᠥᠮᠦᠵᠢᠯ ᠢ ᠴᠢᠩᠭᠠᠳᠬᠠᠵᠤ᠂ ᠨᠠᠮ ᠤᠨ ᠭᠡᠰᠢᠭᠦᠨ ᠤ ᠤᠯᠤᠰ ᠲᠥᠷᠥ ᠶᠢᠨ ᠬᠡᠪ ᠪᠣᠯᠪᠠᠰᠤᠷᠠᠯ ᠢ ᠳᠡᠭᠡᠭᠰᠢᠯᠡᠭᠦᠯᠪᠡ᠃ ᠡᠭᠦᠨ ᠤ ᠬᠠᠮᠲᠤ᠂ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠰᠠᠭᠤᠭᠠᠯᠢ ᠠᠷᠠᠳ ᠢ ᠲᠠᠶᠢᠴᠢᠯᠠᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠵᠤ᠂ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠵᠤ ᠴᠢᠳᠠᠨ᠎ᠠ᠃      ᠬᠤᠶᠠᠷ᠂ ᠨᠠᠮ ᠤᠨ ᠭᠡᠰᠢᠭᠦᠨ ᠤ ᠠᠵᠢᠯᠯᠠᠭ᠎ᠠ ᠶᠢ ᠪᠠᠶᠠᠯᠢᠭᠵᠢᠭᠤᠯᠵᠤ᠂ ᠨᠠᠮ ᠤᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠦᠭᠵᠢᠭᠡᠨ᠎ᠡ      ᠨᠠᠮ ᠤᠨ ᠭᠡᠰᠢᠭᠦᠨ ᠤ ᠨᠢᠭᠲᠠᠷᠠᠯ ᠤᠨ ᠬᠦᠴᠦᠨ ᠪᠠ ᠲᠥᠪᠯᠡᠩᠭᠦᠢ ᠬᠦᠴᠦᠨ ᠢ ᠴᠢᠩᠭᠠᠳᠬᠠᠬᠤ ᠶᠢᠨ ᠲᠥᠯᠥᠭᠡ᠂ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠭᠡᠰᠢᠭᠦᠨ ᠲᠠᠢ ᠢᠳᠡᠪᠬᠢᠲᠡᠢ ᠪᠦᠯᠬᠦᠮᠳᠡᠨ ᠨᠡᠶᠢᠭᠡᠮ ᠲᠣᠭᠤᠷᠢᠭ ᠤᠨ ᠵᠠᠰᠠᠯᠲᠠ ᠳᠤ ᠣᠷᠣᠯᠴᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠬᠠᠮᠵᠢᠨ ᠡᠯ᠎ᠡ ᠵᠦᠢᠯ ᠤᠨ ᠠᠵᠢᠯᠯᠠᠭ᠎ᠠ ᠶᠢ ᠥᠷᠨᠢᠭᠦᠯᠵᠦ᠂ ᠨᠠᠮ ᠤᠨ ᠲᠦᠷᠦ ᠶᠢᠨ ᠪᠤᠳᠤᠯᠭ᠎ᠠ ᠴᠢᠭᠯᠡᠯᠲᠡ ᠶᠢ ᠤᠬᠠᠭᠤᠯᠵᠤ᠂ ᠰᠠᠭᠤᠭᠠᠯᠢ ᠠᠷᠠᠳ ᠲᠤ ᠨᠡᠶᠢᠭᠡᠮ ᠲᠣᠭᠤᠷᠢᠭ ᠤᠨ ᠬᠥᠭᠵᠢᠯᠲᠡ ᠶᠢᠨ ᠴᠢᠭᠯᠡᠯ ᠢ ᠭᠦᠨᠵᠡᠭᠡᠢ ᠤᠢᠢᠯᠠᠭᠠᠭᠤᠯᠪᠠ᠃ ᠠᠳᠠᠯᠢ ᠪᠤᠰᠤ ᠭᠤᠣᠯ ᠰᠡᠳᠦᠪ ᠢ ᠦᠨᠳᠦᠰᠦᠯᠡᠨ ᠰᠠᠷ᠎ᠠ ᠪᠦᠷᠢ ᠶᠢᠨ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠥᠷᠨᠢᠭᠦᠯᠪᠡ ᠃ ᠵᠢᠱᠢᠶᠡᠯᠡᠪᠡᠯ ︽ᠬᠤᠪᠢᠰᠬᠠᠯ ᠤᠨ ᠤᠳᠤᠮᠰᠢᠯ ᠢ ᠤᠯᠠᠮᠵᠢᠯᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾᠂ ︽ᠬᠤᠭ ᠨᠣᠪᠰᠢ ᠶᠢ ᠲᠦᠷᠦᠯ ᠬᠤᠪᠢᠶᠠᠬᠤ ᠶᠢ ᠪᠢ ᠤᠷᠢᠳᠠᠪᠠᠷ ᠬᠡᠷᠡᠭᠵᠢᠭᠦᠯᠵᠦ᠂ ᠨᠠᠮ ᠤᠨ ᠭᠡᠰᠢᠭᠦᠨ ᠤ ᠵᠢᠱᠢᠶ᠎ᠡ ᠦᠵᠡᠭᠦᠯᠦᠨ ᠦᠯᠢᠭᠡᠷ ᠳᠠᠭᠤᠷᠢᠶᠠᠯ ᠪᠣᠯᠬᠤ︾᠂ ᠬᠤᠪᠢᠰᠬᠠᠯ ᠤᠨ ᠬᠥᠮᠦᠵᠢᠯ ᠤᠨ ᠰᠠᠭᠤᠷᠢᠨ ᠭᠠᠵᠠᠷ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠵᠡᠷᠭᠡ ᠬᠡᠯᠪᠡᠷᠢ ᠶᠢ ᠲᠣᠭᠤᠷᠢᠨ ᠦᠵᠡᠵᠦ᠂ ᠨᠠᠮ ᠤᠨ ᠭᠡᠰᠢᠭᠦᠨ ᠢ ᠦᠢᠯᠡᠳᠦᠯᠭᠡ ᠶᠢᠨ ᠳᠤᠮᠳᠠ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠪᠠ᠃ ᠨᠠᠮ ᠤᠨ ᠭᠡᠰᠢᠭᠦᠨ ᠢ ᠵᠣᠬᠢᠶᠠᠨ ᠪᠠᠶᠢᠭᠤᠯᠬᠤ ᠪᠣᠯᠪᠠᠰᠤᠷᠠᠯ ᠢ ᠴᠢᠩᠭᠠᠳᠬᠠᠬᠤ ᠶᠢᠨ ᠬᠠᠮᠲᠤ ᠠᠵᠢᠯ ᠠᠴᠠ ᠪᠠᠨ ᠠᠮᠠᠷᠠᠭᠰᠠᠨ ᠰᠢᠯᠢᠳᠡᠭ ᠨᠠᠮ ᠤᠨ ᠭᠡᠰᠢᠭᠦᠨ ᠢ ᠤᠷᠢᠵᠤ ᠨᠠᠮ ᠤᠨ ᠭᠡᠰᠢᠭᠦᠨ ᠳᠤ ᠬᠢᠴᠢᠶᠡᠯᠯᠡᠭᠦᠯᠪᠡ᠃ ᠠᠭᠤᠯᠭ᠎ᠠ ᠨᠢ ᠨᠠᠮ ᠤᠨ ᠤᠨᠤᠯ ᠤᠨ ᠮᠡᠳᠡᠯᠭᠡ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠲᠤᠷᠰᠢᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠶᠢ ᠬᠠᠮᠤᠷᠴᠤ᠂ ᠨᠠᠮ ᠤᠨ ᠭᠡᠰᠢᠭᠦᠨ ᠠᠴᠠ ᠨᠠᠮ ᠤᠨ ᠭᠡᠰᠢᠭᠦᠨ ᠳᠤ ᠲᠠᠶᠢᠯᠪᠤᠷᠢᠯᠠᠬᠤ ᠪᠠᠷ ᠳᠠᠮᠵᠢᠭᠤᠯᠤᠨ ᠨᠠᠮ ᠤᠨ ᠭᠡᠰᠢᠭᠦᠨ ᠤ ᠶᠡᠷᠦᠩᠬᠡᠶᠢᠯᠡᠭᠰᠡᠨ ᠬᠡᠪ ᠴᠢᠨᠠᠷ ᠢ ᠳᠡᠭᠡᠭᠰᠢᠯᠡᠭᠦᠯᠪᠡ᠃ ᠨᠠᠮ ᠤᠨ ᠭᠡᠰᠢᠭᠦᠨ ᠤ ᠰᠣᠯᠢᠯᠴᠠᠭᠠᠨ ᠤ ᠶᠠᠷᠢᠯᠴᠠᠬᠤ ᠬᠤᠷᠠᠯ ᠢ ᠤᠯᠠᠷᠢᠯ ᠪᠦᠷᠢ ᠳᠤ ᠨᠢᠭᠡ ᠤᠳᠠᠭ᠎ᠠ ᠬᠤᠷᠠᠯᠳᠤᠭᠤᠯᠵᠤ᠂ ᠨᠠᠮ ᠤᠨ ᠭᠡᠰᠢᠭᠦᠨ ᠳᠤ ᠤᠯᠤᠯᠴᠠᠭ᠎ᠠ ᠰᠣᠯᠢᠯᠴᠠᠭᠠᠨ ᠤ ᠲᠠᠪᠴᠠᠩ ᠪᠠᠶᠢᠭᠤᠯᠵᠤ᠂ ᠠᠵᠢᠯ ᠠᠮᠢᠳᠤᠷᠠᠯ ᠤᠨ ᠳᠤᠮᠳᠠᠬᠢ ᠲᠤᠷᠰᠢᠯᠭ᠎ᠠ ᠪᠣᠯᠤᠨ ᠲᠦᠷᠦᠭᠳᠡᠯ ᠢᠶᠠᠨ ᠬᠤᠪᠢᠶᠠᠯᠴᠠᠵᠤ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠠᠰᠠᠭᠤᠳᠠᠯ ᠢ ᠬᠠᠮᠲᠤᠪᠠᠷ ᠶᠠᠷᠢᠯᠴᠠᠵᠤ᠂ ᠨᠠᠮ ᠤᠨ ᠭᠡᠰᠢᠭᠦᠨ ᠤ ᠨᠡᠶᠢᠭᠡᠮ ᠲᠣᠭᠤᠷᠢᠭ ᠤᠨ ᠪᠠᠶᠢᠭᠤᠯᠤᠯᠲᠠ ᠳᠤ ᠣᠷᠣᠯᠴᠠᠬᠤ ᠢᠳᠡᠪᠬᠢᠵᠢᠯ ᠪᠣᠯᠤᠨ ᠰᠠᠨᠠᠭᠠᠴᠢᠯᠠᠭᠠᠲᠤ ᠴᠢᠨᠠᠷ ᠢ ᠬᠥᠭᠵᠢᠭᠡᠪᠡ᠃ ᠨᠠᠮ ᠤᠨ ᠭᠡᠰᠢᠭᠦᠨ ᠬᠦᠳᠦᠯᠦᠨ ᠳᠠᠭᠠᠭᠤᠯᠵᠤ᠂ ᠬᠦᠴᠦᠨ ᠴᠢᠳᠠᠯ ᠢ ᠨᠢᠭᠲᠠᠷᠠᠭᠤᠯᠵᠤ᠂ ᠡᠮᠬᠢ ᠵᠢᠷᠤᠮ ᠲᠠᠢ᠂ ᠡᠶ᠎ᠡ ᠵᠣᠬᠢᠴᠠᠩᠭᠤᠢ᠂ ᠣᠷᠣᠰᠢᠨ ᠰᠠᠭᠤᠬᠤ ᠳᠤ ᠲᠣᠬᠢᠷᠠᠮᠵᠢᠲᠠᠢ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠬᠠᠮᠲᠤᠪᠠᠷ ᠪᠤᠢ ᠪᠣᠯᠭᠠᠵᠤ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠰᠢᠨ᠎ᠡ ᠳᠡᠭᠲᠡᠷ ᠲᠤ ᠭᠠᠷᠬᠤ ᠳᠤ ᠬᠦᠴᠦᠨ ᠨᠡᠮᠡᠷᠢᠯᠡᠨ᠎ᠡ᠃      ᠭᠤᠷᠪᠠ᠂ ᠠᠷᠠᠳ ᠲᠦᠮᠡᠨ ᠳᠤ ᠦᠢᠯᠡᠴᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠲᠦᠮᠡᠨ ᠤ ᠠᠵᠠ ᠵᠢᠷᠭᠠᠯ ᠢ ᠳᠡᠭᠡᠭᠰᠢᠯᠡᠭᠦᠯᠦᠨ᠎ᠡ       ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠶᠢᠨ ᠠᠵᠢᠯ ᠳᠤ ᠢᠮᠠᠭᠲᠠ ᠤᠯᠠᠨ ᠲᠦᠮᠡᠨ ᠳᠤ ᠦᠢᠯᠡᠴᠢᠯᠡᠬᠦ ᠪᠠᠷ ᠵᠣᠷᠢᠯᠲᠠ ᠪᠠ ᠲᠤᠰᠤᠯᠲᠠ ᠪᠤᠯᠭᠠᠨ᠎ᠠ᠃ ᠨᠠᠮ ᠤᠨ ᠭᠡᠰᠢᠭᠦᠨ ᠤᠯᠠᠨ ᠲᠦᠮᠡᠨ ᠲᠠᠢ ᠬᠠᠷᠢᠯᠴᠠᠬᠤ ᠲᠦᠷᠢᠮ ᠢ ᠪᠠᠶᠢᠭᠤᠯᠵᠤ᠂ ᠨᠠᠮ ᠤᠨ ᠭᠡᠰᠢᠭᠦᠨ ᠨᠢᠭᠡᠪᠦᠷᠢ ᠬᠡᠳᠦᠨ ᠡᠷᠦᠬᠡ ᠰᠠᠭᠤᠭᠠᠯᠢ ᠠᠷᠠᠳ ᠲᠠᠢ ᠬᠤᠣᠰᠯᠠᠯ ᠪᠣᠯᠵᠣ᠂ ᠲᠣᠭᠲᠠᠮᠠᠯ ᠬᠤᠭᠤᠴᠠᠭ᠎ᠠ ᠲᠠᠢ ᠪᠠᠷ ᠰᠠᠭᠤᠭᠠᠯᠢ ᠠᠷᠠᠳ ᠤᠨ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠵᠦ᠂ ᠰᠠᠭᠤᠭᠠᠯᠢ ᠠᠷᠠᠳ ᠲᠤ ᠬᠠᠯᠠᠭᠤᠮᠰᠤᠭ ᠦᠢᠯᠡᠴᠢᠯᠡᠭᠡ ᠬᠠᠩᠭᠠᠵᠤ᠂ ᠨᠠᠮ ᠤᠨ ᠭᠡᠰᠢᠭᠦᠨ ᠢ ᠨᠡᠶᠢᠭᠡᠮ ᠲᠣᠭᠤᠷᠢᠭ ᠪᠠ ᠰᠠᠭᠤᠭᠠᠯᠢ ᠠᠷᠠᠳ ᠤᠨ ᠬᠤᠭᠤᠷᠣᠨᠳᠣᠬᠢ ︽ᠶᠠᠷᠢᠭᠤᠯ︾᠂ ︽ᠳᠠᠭᠤ ᠲᠣᠮᠣᠷᠠᠭᠤᠯᠤᠭᠴᠢ︾ ᠪᠣᠯᠭᠠᠨ᠎ᠠ᠃      ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠵᠦ᠂ ᠬᠠᠷᠢᠶ᠎ᠠ ᠣᠷᠣᠨ ᠤ ᠳᠣᠲᠣᠷᠠᠬᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠲᠠᠢ ᠬᠤᠯᠪᠣᠭᠠᠯᠠᠵᠤ᠂ ᠠᠯᠪᠠᠨ ᠵᠢᠷᠤᠮ ᠤᠨ ᠡᠮᠴᠢᠯᠡᠭᠡ᠂ ᠠᠯᠪᠠᠨ ᠵᠢᠷᠤᠮ ᠤᠨ ᠬᠠᠶᠢᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ᠂ ᠬᠠᠤᠯᠢ ᠴᠠᠭᠠᠵᠠ ᠶᠢᠨ ᠵᠥᠪᠯᠡᠯᠭᠡ ᠥᠭᠬᠦ ᠵᠡᠷᠭᠡ ᠠᠵᠢᠯᠯᠠᠭ᠎ᠠ ᠶᠢ ᠡᠷᠬᠢᠯᠡᠵᠦ᠂ ᠰᠠᠭᠤᠭᠠᠯᠢ ᠠᠷᠠᠳ ᠲᠤ ᠬᠡᠷ ᠤᠨ ᠡᠭᠦᠳᠡᠨ ᠳᠤᠨᠢ ᠳᠥᠭᠦᠮ ᠳᠥᠲᠡ ᠦᠢᠯᠡᠴᠢᠯᠡᠭᠡ ᠬᠦᠷᠲᠡᠭᠡᠨ᠎ᠡ᠃ ᠬᠦᠴᠢᠷᠳᠡᠯᠲᠡᠶ ᠬᠥᠮᠦᠰ ᠢ ᠠᠩᠬᠠᠷᠴᠤ᠂ ᠨᠠᠮ ᠤᠨ ᠭᠡᠰᠢᠭᠦᠨ ᠢ ᠵᠣᠬᠢᠶᠠᠨ ᠪᠠᠶᠢᠭᠤᠯᠤᠨ ᠬᠠᠪᠰᠤᠷᠤᠨ ᠲᠡᠳᠬᠦᠵᠦ ᠲᠣᠬᠤᠨᠢᠭᠤᠯᠬᠤ ᠠᠵᠢᠯᠯᠠᠭ᠎ᠠ ᠶᠢ ᠥᠷᠨᠢᠭᠦᠯᠵᠦ᠂ ᠥᠨᠥᠴᠢᠨ ᠪᠡᠯᠪᠡᠰᠦᠨ ᠨᠠᠰᠤᠲᠠᠨ᠂ ᠵᠡᠮᠳᠡᠭᠴᠦᠳ᠂ ᠬᠦᠴᠢᠷᠳᠡᠯᠲᠡᠶ ᠭᠡᠷ ᠪᠦᠯᠢ ᠳᠤ ᠠᠮᠢᠳᠤᠷᠠᠯ ᠤᠨ ᠡᠳ᠋ ᠪᠣᠳᠠᠰ ᠪᠠ ᠬᠠᠶᠢᠷ᠎ᠠ ᠬᠠᠯᠠᠮᠵᠢ ᠬᠦᠷᠭᠡᠵᠦ᠂ ᠲᠡᠳᠡᠨᠤᠰ ᠎ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠶᠢᠷ᠎ᠠ ᠬᠠᠯᠠᠮᠵᠢ ᠶᠢ ᠬᠦᠷᠲᠡᠭᠡᠨ᠎ᠡ᠃      ᠳᠥᠷᠪᠡ᠂ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠶᠢ ᠠᠬᠢᠭᠤᠯᠵᠤ᠂ ᠬᠥᠭᠵᠢᠯᠲᠡ ᠶᠢᠨ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ      ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠲᠣᠭᠲᠠᠮᠠᠯ ᠬᠤᠭᠤᠴᠠᠭ᠎ᠠ ᠲᠠᠢ ᠪᠠᠷ ᠭᠤᠷᠪᠠᠨ ᠵᠦᠢᠯ ᠤᠨ ᠨᠠᠷᠢᠨ ᠲᠠᠩᠰᠠ ᠶᠢ ᠵᠣᠯᠭᠠᠭᠤᠯᠬᠤ ᠬᠤᠷᠠᠯ ᠬᠤᠷᠠᠯᠳᠤᠭᠤᠯᠬᠤ᠂ ᠨᠠᠮ ᠤᠨ ᠪᠠᠶᠢᠭᠤᠯᠤᠯᠲᠠ ᠪᠠᠷ ᠬᠠᠮᠲᠤ ᠪᠠᠷ ᠪᠠᠶᠢᠭᠤᠯᠬᠤ ᠬᠠᠮᠲᠤᠷᠠᠭᠰᠠᠨ ᠬᠤᠷᠠᠯ᠂ ᠨᠡᠶᠢᠭᠡᠮ ᠲᠣᠭᠤᠷᠢᠭ ᠤᠨ ᠪᠣᠳᠠᠰ ᠤᠨ ᠬᠠᠮᠢᠶᠠᠷᠤᠯᠲᠠ ᠶᠢᠨ ᠨᠡᠶᠢᠭᠡᠮᠯᠢᠭ᠂ ᠰᠠᠭᠤᠭᠠᠯᠢ ᠠᠷᠠᠳ ᠤᠨ ᠬᠡᠷᠡᠭ ᠵᠥᠪᠯᠡᠬᠦ ᠵᠥᠪᠳᠡᠯᠴᠡᠭᠡᠨ ᠤ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ᠂ ᠨᠡᠶᠢᠭᠡᠮ ᠲᠣᠭᠤᠷᠢᠭ ᠤᠨ ᠵᠠᠰᠠᠯᠲᠠ ᠶᠢᠨ ᠬᠦᠴᠢᠷ ᠠᠰᠠᠭᠤᠳᠠᠯ ᠢ ᠬᠠᠮᠲᠤ ᠪᠠᠷ ᠰᠤᠳᠤᠯᠤᠨ ᠰᠢᠢᠳᠪᠦᠷᠢᠯᠡᠵᠦ᠂ ᠲᠠᠪᠤᠨ ᠲᠠᠯ᠎ᠠ ᠶᠢᠨ ᠬᠤᠯᠪᠣᠭᠠᠯᠠᠨ ᠬᠥᠳᠡᠯᠦᠯᠴᠡᠬᠦ ᠨᠢ ᠲᠦᠢᠯ ᠤᠨ ᠴᠢᠬᠤᠯᠠ ᠦᠢᠯᠡᠳᠦᠯ ᠪᠠᠳᠠᠷᠠᠭᠤᠯᠪᠠ᠃ ᠡᠯ᠎ᠡ ᠲᠥᠷᠥᠯ ᠤᠨ ᠬᠠᠮᠲᠤ ᠪᠠᠷ ᠪᠠᠶᠢᠭᠤᠯᠬᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠵᠢᠱᠢᠶᠡᠯᠡᠪᠡᠯ᠂ ᠤᠯᠠᠮᠵᠢᠯᠠᠯᠲᠤ ᠪᠠᠶᠠᠷ ᠤᠨ ᠡᠳᠦᠷ ᠤᠨ ᠤᠷᠠᠨ ᠰᠠᠶᠢᠬᠠᠨ ᠤ ᠲᠣᠭᠯᠠᠯᠲᠠ᠂ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠲᠣᠬᠤᠨᠢᠭᠤᠯᠤᠯ᠂ ᠲᠥᠷᠥ ᠶᠢᠨ ᠪᠣᠳᠣᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠲᠠᠶᠢᠯᠤᠮᠵᠢ ᠵᠡᠷᠭᠡ ᠰᠠᠭᠤᠭᠠᠯᠢ ᠠᠷᠠᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠭᠰᠠᠨ ᠪᠥᠭᠡᠳ ᠡᠯ᠎ᠡ ᠲᠠᠯ᠎ᠠ ᠶᠢᠨ ᠡᠬᠢ ᠪᠠᠶᠠᠯᠢᠭ ᠢ ᠨᠡᠶᠢᠭᠡᠮ ᠲᠣᠭᠤᠷᠢᠭ ᠤᠨ ᠵᠠᠰᠠᠯᠲᠠ ᠳᠤ ᠠᠭᠤᠰᠤᠯᠴᠠᠭᠤᠯᠪᠠ︔ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠥᠨᠴᠥᠭ ᠪᠤᠯᠤᠩ ᠨᠢᠭᠡᠪᠦᠷᠢ ᠳᠤ ᠬᠦᠷᠲᠡᠯ᠎ᠡ ᠥᠷᠭᠡᠳᠬᠡᠵᠦ᠂ ᠰᠠᠭᠤᠭᠠᠯᠢ ᠠᠷᠠᠳ ᠲᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠮᠡᠳᠡᠷᠡᠭᠦᠯᠵᠦ᠂ ᠨᠠᠮ ᠤᠨ ᠪᠠᠶᠢᠭᠤᠯᠤᠯᠲᠠ ᠶᠢ ᠬᠠᠮᠲᠤ ᠪᠠᠷ ᠪᠠᠶᠢᠭᠤᠯᠬᠤ ᠪᠠᠷ ᠳᠠᠮᠵᠢᠭᠤᠯᠤᠨ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠳᠠᠪᠠᠭᠤᠯᠢᠭ ᠲᠠᠯ᠎ᠠ ᠪᠠᠨ ᠬᠠᠷᠢᠯᠴᠠᠨ ᠨᠥᠬᠦᠪᠥᠷᠢᠯᠡᠬᠦ ᠶᠢ ᠪᠡᠶᠡᠯᠡᠭᠦᠯᠵᠦ᠂ ᠨᠡᠶᠢᠭᠡᠮ ᠲᠣᠭᠤᠷᠢᠭ ᠤᠨ ᠬᠥᠭᠵᠢᠯᠲᠡ ᠶᠢᠨ ᠬᠦᠴᠦᠷᠬᠡᠭ ᠶᠡᠭᠡ ᠨᠡᠶᠢᠯᠡᠮᠡᠯ ᠬᠦᠴᠦᠨ ᠢ ᠨᠢᠭᠲᠠᠷᠠᠭᠤᠯᠤᠨ᠎ᠠ᠃      ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠬᠤ ᠪᠣᠯ ᠨᠡᠶᠢᠭᠡᠮ ᠲᠣᠭᠤᠷᠢᠭ ᠤᠨ ᠵᠠᠰᠠᠯᠲᠠ ᠶᠢᠨ ︽ᠨᠢᠭᠤᠴᠠ ᠲᠡᠮᠳᠡᠭ ᠤᠨ ᠰᠢᠨ᠎ᠡ ᠶᠢ ᠡᠭᠦᠳᠬᠦ︾᠎ ᠶᠢᠨ ᠵᠠᠩᠭᠢᠯᠠᠭ᠎ᠠ ᠮᠥᠨ᠂ ᠪᠠᠰᠠ ᠴᠤ ᠨᠡᠶᠢᠭᠡᠮ ᠲᠣᠭᠤᠷᠢᠭ ᠤᠨ ᠬᠥᠭᠵᠢᠯᠲᠡ ᠳᠤ ᠢᠮᠠᠭᠲᠠ ᠲᠤᠭᠤᠰᠢᠯᠠᠭᠳᠠᠵᠤ ᠪᠠᠶᠢᠭ᠎ᠠ ᠢᠯᠡ ᠲᠣᠳᠣ ᠭᠤᠣᠯ ᠱᠤᠭᠤᠮ ᠮᠥᠨ᠃ ᠥᠩᠭᠡᠷᠡᠭᠰᠡᠨ ᠤ ᠦᠢᠯᠡᠳᠦᠯᠭᠡ ᠨᠢ ᠨᠠᠮ ᠤᠨ ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠵᠠᠰᠠᠯᠲᠠ ᠶᠢᠨ ᠵᠠᠭᠪᠤᠷ ᠪᠣᠯᠤᠨ ᠦᠢᠯᠡᠴᠢᠯᠡᠭᠡᠨ ᠤ ᠠᠷᠭ᠎ᠠ ᠬᠡᠯᠪᠡᠷᠢ ᠶᠢᠨ ᠰᠢᠨ᠎ᠡ ᠶᠢ ᠲᠠᠰᠤᠷᠠᠯᠲᠠ ᠦᠭᠡᠢ ᠡᠭᠦᠳᠴᠦ᠂ ᠰᠠᠭᠤᠭᠠᠯᠢ ᠠᠷᠠᠳ ᠤᠨ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠢ ᠭᠦᠢᠴᠡᠳ ᠬᠥᠭᠵᠢᠭᠡᠬᠦ ᠪᠣᠯ ᠡᠶ᠎ᠡ ᠵᠣᠬᠢᠴᠠᠩᠭᠤᠢ᠂ ᠣᠷᠣᠰᠢᠨ ᠰᠠᠭᠤᠬᠤ ᠳᠤ ᠲᠣᠬᠢᠷᠠᠮᠵᠢᠲᠠᠢ᠂ ᠵᠣᠯ ᠵᠢᠷᠭᠠᠯᠲᠤ ᠨᠡᠶᠢᠭᠡᠮ ᠲᠣᠭᠤᠷᠢᠭ ᠢ ᠪᠠᠶᠢᠭᠤᠯᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠳᠡᠭᠡᠭᠰᠢᠯᠡᠭᠦᠯᠬᠦ ᠶᠢᠨ ᠵᠠᠶᠢᠯᠠᠰᠢ ᠦᠭᠡᠢ ᠶᠠᠪᠤᠬᠤ ᠵᠠᠮ ᠮᠥᠨ ᠭᠡᠳᠡᠭ ᠢ ᠬᠦᠴᠦᠲᠡᠢ ᠭᠡᠷᠡᠴᠢᠯᠡᠪᠡ᠃ ᠢᠷᠡᠭᠡᠳᠦᠶ ᠶᠢ ᠪᠠᠷᠠᠯᠠᠬᠤᠶ᠎ᠠ᠂ ᠶᠢᠨ ᠬᠠᠶ ᠨᠡᠶᠢᠭᠡᠮ ᠲᠣᠭᠤᠷᠢᠭ ᠤᠨ ᠨᠠᠮ ᠤᠨ ᠬᠤᠷᠢᠶ᠎ᠠ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠪᠠᠷ ᠭᠤᠤᠯ ᠬᠥᠳᠡᠯᠭᠡᠬᠦ ᠬᠦᠴᠦᠨ ᠪᠣᠯᠭᠠᠵᠤ᠂ ᠠᠵᠢᠯ ᠤᠨ ᠰᠡᠳᠬᠢᠴᠡ ᠪᠠ ᠠᠷᠭ᠎ᠠ ᠶᠢᠨ ᠲᠠᠯ᠎ᠠ ᠪᠠᠷ ᠦᠷᠭᠦᠯᠵᠢᠯᠡᠨ ᠬᠠᠭᠤᠴᠢᠨ ᠢ ᠤᠷᠬᠢᠨ ᠰᠢᠨ᠎ᠡ ᠶᠢ ᠡᠭᠦᠳᠦᠨ᠎ᠡ᠃ ᠨᠠᠮ ᠤᠨ ᠪᠠᠶᠢᠭᠤᠯᠤᠯᠲᠠ ᠬᠢᠭᠡᠳ ᠨᠡᠶᠢᠭᠡᠮ ᠲᠣᠭᠤᠷᠢᠭ ᠤᠨ ᠵᠠᠰᠠᠯᠲᠠ ᠶᠢᠨ ᠡᠯ᠎ᠡ ᠬᠦᠷᠢᠶᠡᠨ ᠤ ᠠᠭᠤᠰᠤᠯᠴᠠᠯ ᠢ ᠤᠯᠠᠮ ᠨᠢᠭᠡ ᠠᠯᠬᠤᠮ ᠭᠦᠨᠵᠡᠭᠡᠶᠢᠷᠡᠭᠦᠯᠵᠦ᠂ ᠣᠯᠠᠨ ᠡᠰᠢᠲᠦ ᠭᠤᠣᠯ ᠴᠣᠭᠴᠠ ᠶᠢᠨ ᠳᠠᠯᠳᠠ ᠬᠦᠴᠦᠨ ᠢ ᠠᠭᠤᠳᠠᠯᠵᠤ᠂ ᠬᠠᠮᠲᠤ ᠪᠠᠷ ᠵᠠᠰᠠᠬᠤ ᠬᠠᠮᠲᠤᠷᠠᠯ ᠬᠦᠴᠦᠨ ᠢ ᠨᠢᠭᠲᠠᠷᠠᠭᠤᠯᠤᠨ᠎ᠠ︔ ᠰᠠᠭᠤᠭᠠᠯᠢ ᠠᠷᠠᠳ ᠤᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠦᠢᠯᠡᠴᠢᠯᠡᠭᠡ ᠬᠠᠩᠭᠠᠯᠭ᠎ᠠ ᠶᠢ ᠰᠢᠯᠢᠳᠡᠭᠵᠢᠭᠦᠯᠵᠦ᠂ ᠠᠷᠠᠳ ᠤᠨ ᠠᠮᠢᠳᠤᠷᠠᠯ ᠤᠨ ᠪᠠᠲᠤᠯᠠᠭ᠎ᠠ᠂ ᠣᠷᠴᠢᠨ ᠲᠣᠭᠤᠷᠢᠨ ᠤ ᠳᠡᠭᠡᠭᠰᠢᠯᠡᠯᠲᠡ᠂ ᠰᠣᠶᠣᠯ ᠤᠨ ᠪᠠᠶᠢᠭᠤᠯᠤᠯᠲᠠ ᠵᠡᠷᠭᠡ ᠲᠠᠯ᠎ᠠ ᠪᠠᠷ ᠤᠨᠢᠨ ᠳᠡᠭᠡᠷ᠎ᠡ ᠨᠢ ᠬᠦᠴᠦᠯᠡᠵᠦ᠂ ᠨᠡᠶᠢᠭᠡᠮ ᠲᠣᠭᠤᠷᠢᠭ ᠤᠨ ᠡᠯ᠎ᠡ ᠵᠦᠢᠯ ᠤᠨ ᠠᠵᠢᠯ ᠦᠢᠯᠡᠰ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ᠂ ᠰᠠᠭᠤᠭᠠᠯᠢ ᠠᠷᠠᠳ ᠲᠤ ᠨᠡᠩ ᠰᠠᠶᠢᠨ ᠰᠠᠶᠢᠬᠠᠨ ᠠᠮᠢᠳᠤᠷᠠᠯ ᠤᠨ ᠣᠷᠴᠢᠨ ᠲᠣᠭᠤᠷᠢᠨ ᠢ ᠡᠭᠦᠳᠴᠦ᠂ ᠨᠡᠩ ᠴᠢᠨᠠᠷ ᠰᠠᠶᠢᠲᠠᠢ ᠨᠡᠶᠢᠭᠡᠮ ᠲᠣᠭᠤᠷᠢᠭ ᠤᠨ ᠠᠮᠢᠳᠤᠷᠠᠯ ᠲᠡᠰᠢ ᠲᠤᠮᠤ ᠠᠯᠬᠤᠮ ᠢᠶᠠᠷ ᠤᠷᠤᠭᠰᠢᠯᠠᠵᠤ ᠪᠠᠶᠢᠨ᠎ᠠ᠃     
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号