︽ᠭᠠᠯ ᠤᠨ ᠢᠷᠡᠯᠲᠡ ᠶᠢ ᠬᠠᠮᠢᠶᠠᠷᠤᠨ ᠡᠵᠡᠮᠳᠡᠬᠦ ᠨᠢ ᠬᠦᠴᠦᠨ ᠦᠭᠡᠢ᠂ ᠠᠷᠠᠳ ᠤᠨ ᠰᠡᠷᠭᠡᠶᠢᠯᠡᠯᠲᠡ ᠶᠢᠨ | ᠱᠤᠭᠤᠮ ᠪᠠᠲᠤ ᠪᠠᠬᠢ ᠪᠠᠶᠢᠬᠤ ᠦᠭᠡᠢ︾ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠤᠯᠠᠨ ᠲᠦᠮᠡᠨ ᠤ ᠤᠢ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠶᠢ ᠦᠨᠡᠨᠬᠦ | ᠳᠡᠭᠡᠭᠰᠢᠯᠡᠭᠦᠯᠵᠦ᠂ ᠪᠦᠬᠦ ᠠᠷᠠᠳ ᠤᠨ ᠭᠠᠯ ᠰᠡᠷᠭᠡᠶᠢᠯᠡᠬᠦ ᠠᠭᠤᠷ ᠠᠮᠢᠰᠬᠤᠯ ᠢ ᠪᠤᠢ ᠪᠣᠯᠭᠠᠵᠤ᠂ ᠮᠠᠨ ᠤ ᠲᠤᠭᠤᠷᠢᠭ ᠤᠨ | ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠶᠢᠨ ᠲᠥᠯᠥᠭᠡ᠂ ᠬᠠᠩᠰᠢ ᠶᠢᠨ ᠡᠳᠦᠷ ᠬᠦᠷᠴᠦ | ᠢᠷᠡᠬᠦ ᠲᠠᠰᠢᠷᠠᠮ ᠢᠶᠠᠷ᠂ ᠤᠢᠢᠷ᠎ᠠ ᠳᠤ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ | ᠳᠠᠯᠠᠨ ᠬᠠᠷ᠎ᠠ ᠠᠭᠤᠯᠠ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠴᠢᠩᠱᠠᠨ ᠬᠠᠮᠢᠶᠠᠷᠤᠯᠲᠠ ᠶᠢᠨ | ᠦᠷᠳᠡᠭᠡ ᠲᠠᠢ ᠬᠠᠮᠲᠤᠷᠠᠨ᠂ ᠰᠢᠩ ᠱᠧᠩ ᠪᠠᠯᠭᠠᠰᠤ ᠶᠢᠨ ᠳ᠋ᠠᠩ ᠫᠦ᠋ ᠲᠣᠰᠬᠤᠨ ᠳᠤ ︽ᠤᠢ ᠰᠢᠭᠤᠢ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ︾ ᠶᠢᠨ ᠰᠢᠷᠢᠰ ᠠᠵᠢᠯᠯᠠᠭ᠎ᠠ ᠶᠢ ᠵᠣᠬᠢᠶᠠᠨ ᠪᠠᠶᠢᠭᠤᠯᠵᠤ | ᠥᠷᠨᠢᠭᠦᠯᠵᠡᠢ᠃ | ᠲᠣᠰ ᠤᠳᠠᠭᠠᠨ ᠤ ᠤᠬᠠᠭᠤᠯᠭ᠎ᠠ ᠶᠢᠨ ᠰᠠᠷ᠎ᠠ ᠶᠢᠨ ᠠᠵᠢᠯᠯᠠᠭ᠎ᠠ ᠨᠢ ︽ᠣᠶ ᠰᠢᠭᠤᠶ ᠨᠤᠲᠤᠭ ᠪᠡᠯᠴᠢᠭᠡᠷ ᠤᠨ | ᠭᠠᠯ ᠰᠡᠷᠭᠡᠶᠢᠯᠡᠬᠦ ᠠᠵᠢᠯ ᠳᠤ ᠬᠥᠮᠦᠨ ᠪᠦᠬᠦᠨ ᠣᠷᠣᠯᠴᠠᠵᠤ᠂ ᠦᠵᠡᠰᠭᠦᠯᠡᠩᠲᠦ ᠰᠠᠶᠢᠬᠠᠨ ᠪᠤᠭᠤᠲᠤ ᠶᠢ ᠬᠠᠮᠲᠤ ᠪᠠᠷ | ᠪᠥᠲᠥᠭᠡᠨ ᠪᠠᠶᠢᠭᠤᠯᠬᠤ︾ ᠪᠠᠷ ᠭᠤᠤᠯ ᠰᠡᠳᠦᠪ ᠪᠣᠯᠭᠠᠵᠤ᠂ ᠪᠠᠯᠭᠠᠰᠤᠨ ᠳᠤ ᠬᠦᠷᠴᠦ ᠲᠣᠰᠬᠤᠨ ᠳᠤ ᠣᠷᠣᠬᠤ | ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠪᠥᠬᠦ ᠠᠷᠠᠳ ᠢᠶᠠᠷ ᠢᠶᠠᠨ ᠭᠠᠯ ᠰᠡᠷᠭᠡᠶᠢᠯᠡᠬᠦ ᠠᠵᠢᠯ ᠳᠤ | ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠪᠠ᠃ ᠠᠵᠢᠯᠯᠠᠭ᠎ᠠ ᠨᠢ ᠰᠢᠩ ᠱᠧᠩ ᠪᠠᠯᠭᠠᠰᠤᠨ ᠤ | ᠭᠤᠣᠯᠳᠠᠯᠭ᠎ᠠ ᠲᠠᠢ ᠲᠣᠰᠬᠤᠨ ᠤ ᠳ᠋ᠠᠩ ᠫᠦ᠋ ᠲᠣᠰᠬᠤᠨ᠂ ᠴᠢᠨᠳᠠᠭᠠᠨ ᠴᠠᠭᠠᠨ ᠭᠤᠤᠯ ᠲᠣᠰᠬᠤᠨ᠂ ᠰᠦᠩ ᠱᠢ ᠨᠡᠶᠢᠭᠡᠮ | ᠲᠣᠭᠤᠷᠢᠭ ᠵᠡᠷᠭᠡ ᠶᠢ ᠪᠦᠷᠬᠦᠪᠡ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ᠂ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠡᠯ᠎ᠡ ᠲᠥᠷᠥᠯ ᠤᠨ | ᠭᠠᠯ ᠰᠡᠷᠭᠡᠶᠢᠯᠡᠬᠦ ᠤᠬᠠᠭᠤᠯᠭ᠎ᠠ ᠶᠢᠨ ᠳᠡᠪᠲᠡᠷ ᠲᠠᠷᠬᠠᠭᠠᠬᠤ᠂ ︽ᠬᠠᠩᠰᠢ ᠶᠢᠨ ᠡᠳᠦᠷ ᠤᠨ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠰᠠᠨᠠᠭᠠᠴᠢᠯᠠᠭ᠎ᠠ ᠶᠢᠨ ᠪᠢᠴᠢᠭ︾ ᠢ ᠨᠠᠭᠠᠬᠤ᠂ ᠣᠯᠠᠨ ᠲᠦᠮᠡᠨ ᠳᠤ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠬᠤᠤᠷ ᠬᠥᠨᠥᠭᠡᠯ ᠢ ᠲᠠᠶᠢᠯᠪᠤᠷᠢᠯᠠᠨ ᠥᠭᠪᠡ︔ ᠭᠠᠯ ᠤᠨ | ᠭᠠᠮᠰᠢᠭ ᠤᠨ ᠪᠠᠶᠢᠩᠭᠤ ᠲᠣᠬᠢᠶᠠᠯᠳᠤᠬᠤ ᠰᠢᠯᠲᠠᠭᠠᠨ ᠵᠢᠴᠢ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ | ᠵᠡᠷᠭᠡ ᠬᠠᠮᠢᠶ᠎ᠠ ᠪᠦᠬᠦᠢ ᠮᠡᠳᠡᠯᠭᠡ ᠶᠢ ᠲᠠᠶᠢᠯᠪᠤᠷᠢᠯᠠᠬᠤ ᠪᠠᠷ ᠳᠠᠮᠵᠢᠨ᠂ ᠥᠷᠭᠡᠨ ᠣᠯᠠᠨ ᠲᠦᠮᠡᠨ ᠤ ᠣᠶ ᠰᠢᠭᠤᠶ | ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠰᠡᠷᠭᠡᠶᠢᠯᠡᠬᠦ ᠦᠵᠡᠯ ᠤᠬᠠᠮᠰᠠᠷ ᠢ ᠦᠨᠡᠨᠬᠦ ᠳᠡᠭᠡᠭᠰᠢᠯᠡᠭᠦᠯᠪᠡ᠃ | 30 ᠭᠠᠷᠤᠶ ᠬᠥᠮᠦᠨ᠂ 10 ᠭᠠᠷᠤᠶ ᠲᠡᠷᠭᠡ ᠬᠥᠳᠡᠯᠭᠡᠵᠦ᠂ ᠨᠡᠶᠢᠲᠡ 500 ᠭᠠᠷᠤᠶ ᠬᠤᠪᠢ ᠤᠬᠠᠭᠤᠯᠭ᠎ᠠ ᠶᠢᠨ | ᠮᠠᠲ᠋ᠧᠷᠢᠶᠠᠯ ᠲᠠᠷᠬᠠᠭᠠᠵᠤ᠂ 10 ᠵᠤᠷᠪᠤᠰ ᠤᠷᠢᠶ᠎ᠠ ᠯᠣᠽᠦ᠋ᠩ ᠡᠯᠭᠦᠵᠦ᠂ 600 ᠬᠥᠮᠦᠨ ᠤᠳᠠᠭ᠎ᠠ ᠰᠢᠭᠤᠳ | ᠣᠷᠣᠯᠴᠠᠭᠰᠠᠨ ᠪᠠᠶᠢᠨ᠎ᠠ᠃ ᠸᠢᠴᠠᠲ ᠤᠨ ᠣᠯᠠᠨ ᠨᠡᠶᠢᠲᠡ ᠶᠢᠨ ᠳ᠋ᠤᠭᠠᠷ᠂ ᠰᠣᠨᠢᠨ ᠮᠡᠳᠡᠭᠡᠨ ᠤ ᠵᠠᠭᠤᠴᠢᠯᠠᠭᠤᠷ ᠢᠶᠠᠷ | ᠳᠠᠮᠵᠢᠭᠤᠯᠤᠨ᠂ ᠠᠵᠢᠯᠯᠠᠭ᠎ᠠ ᠶᠢᠨ ᠤᠬᠠᠭᠤᠯᠭ᠎ᠠ ᠶᠢᠨ ᠮᠡᠳᠡᠭᠡ ᠵᠠᠩᠭᠢ ᠶᠢᠨ ᠲᠦᠢᠯ ᠤᠨ ᠬᠡᠮᠵᠢᠶ᠎ᠡ ᠶᠢ 1 ᠲᠦᠮᠡ ᠶᠢ | ᠳᠠᠪᠠᠵᠤ᠂ ᠨᠡᠶᠢᠭᠡᠮ ᠤᠨ ᠨᠥᠯᠥᠭᠡᠯᠡᠬᠦ ᠬᠦᠴᠦᠨ ᠢ ᠪᠦᠲᠦᠮᠵᠢᠲᠡᠶ ᠥᠷᠭᠡᠳᠬᠡᠨ᠎ᠡ᠃ | | | | | | | | |