︽ᠭᠤᠷᠪᠠᠨ ᠤᠮᠠᠷᠠᠲᠤ︾ ᠶᠢᠨ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ | ᠣᠯᠠᠨ ᠵᠢᠯ ᠤᠨ ᠲᠤᠷᠰᠢ ᠪᠦᠷᠢᠯᠳᠦᠭᠰᠡᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠠᠯ ᠤᠨ ᠨᠣᠭᠤᠭᠠᠷᠠᠭᠤᠯᠤᠯᠲᠠ ᠶᠢ | ᠰᠡᠷᠭᠦᠭᠡᠭᠰᠡᠨ ᠦᠷ᠎ᠡ ᠪᠦᠲᠦᠭᠡᠯ ᠢ ᠬᠠᠮᠠᠭᠠᠯᠠᠬᠤ ᠶᠢᠨ ᠲᠥᠯᠥᠭᠡ᠂ 3 ᠰᠠᠷ᠎ᠠ ᠶᠢᠨ 15 ᠤ ᠡᠳᠦᠷ᠂ ᠴᠢᠩᠱᠠᠨ | ᠲᠣᠭᠤᠷᠢᠭ ᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠡᠯ᠎ᠡ | ᠲᠥᠷᠥᠯ ᠵᠦᠢᠯ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠪᠡ᠃ ᠴᠢᠩᠱᠠᠨ ᠲᠣᠭᠤᠷᠢᠭ ᠤᠨ ᠠᠷᠠᠳ ᠤᠨ ᠵᠠᠰᠠᠭ ᠤᠨ | ᠣᠷᠳᠣᠨ ᠤ ᠳᠡᠳ᠋ ᠳᠠᠷᠤᠭ᠎ᠠ ᠯᠢ ᠸᠧᠢ ᠠᠵᠢᠯ ᠢᠶᠠᠨ ᠰᠡᠷᠭᠦᠭᠡᠬᠦ ᠶᠣᠰᠣᠯᠠᠯ ᠳᠤ ᠣᠷᠣᠯᠴᠠᠪᠠ᠃ | ᠪᠤᠭᠤᠲᠤ ᠬᠤᠲᠠ ᠬᠠᠲᠤᠨ ᠭᠤᠣᠯ ᠤᠨ ︽几︾ ᠦᠰᠦᠭ ᠤᠨ ᠣᠷᠣᠢ ᠶᠢᠨ ᠬᠡᠰᠡᠭ ᠲᠤ ᠪᠠᠢᠷᠢᠯᠠᠵᠤ᠂ | ᠣᠨᠴᠠᠭᠠᠢ ᠣᠷᠣᠨ ᠪᠠᠶᠢᠷᠢ ᠨᠢ ᠪᠤᠭᠤᠲᠤ ᠬᠤᠲᠠ ᠳᠤ ︽ᠭᠤᠷᠪᠠᠨ ᠤᠮᠠᠷᠠᠲᠤ︾ ᠶᠢᠨ ᠢᠨᠵᠧᠨᠧᠷᠢᠩ ᠢ ᠬᠡᠷᠡᠭᠵᠢᠭᠦᠯᠬᠦ | ᠪᠠ ᠬᠠᠲᠤᠨ ᠭᠤᠣᠯ ᠤᠨ ︽几 ᠦᠰᠦᠭ︾ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ | ᠴᠢᠬᠤᠯᠠ ᠶᠡᠭᠡ ᠡᠭᠦᠷᠭᠡ ᠶᠢ ᠰᠠᠢᠲᠤᠷ ᠬᠢᠭᠰᠡᠨ ᠪᠠᠢᠨ᠎ᠠ᠃ ᠴᠢᠩᠱᠠᠨ ᠲᠣᠭᠤᠷᠢᠭ ᠳᠠᠯᠠᠨ ᠬᠠᠷ᠎ᠠ ᠠᠭᠤᠯᠠ ᠶᠢᠨ ᠠᠮᠢ | ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠴᠢᠬᠤᠯᠠ ᠠᠮᠢ ᠠᠬᠤᠢ ᠶᠢᠨ ᠤᠷᠤᠨ ᠪᠠᠶᠢᠷᠢ ᠳᠤ ᠪᠠᠶᠢᠷᠢᠯᠠᠵᠦ᠂ | ᠤᠶᠢᠷ᠎ᠠ ᠶᠢᠨ ᠵᠢᠯ ᠠᠴᠠ ᠨᠠᠭᠠᠰᠢ᠂ ᠴᠢᠩᠱᠠᠨ ᠲᠤᠭᠤᠷᠢᠭ ᠠᠮᠢ ᠠᠬᠤᠢ ᠶᠢᠨ ᠤᠷᠴᠢᠨ ᠲᠤᠭᠤᠷᠢᠨ ᠤ ᠪᠦᠲᠦᠭᠡᠨ | ᠪᠠᠶᠢᠭᠤᠯᠤᠯᠲᠠ ᠶᠢ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠡᠷᠢᠭᠦᠨ ᠴᠢᠬᠤᠯᠠ ᠶᠠᠪᠤᠳᠠᠯ ᠪᠤᠯᠭᠠᠵᠦ᠂ ᠳᠠᠯᠠᠨ | ᠬᠠᠷ᠎ᠠ ᠠᠭᠤᠯᠠ ᠶᠢᠨ ᠡᠮᠦᠨ᠎ᠡ ᠪᠠᠯ ᠤᠨ ᠠᠮᠢ ᠠᠬᠤᠢ ᠶᠢᠨ ᠨᠤᠭᠤᠭᠠᠷᠠᠭᠤᠯᠤᠯᠲᠠ ᠶᠢ ᠭᠤᠶᠢᠪᠢᠰᠢ ᠦᠭᠡᠢ ᠦᠷᠨᠢᠭᠦᠯᠪᠡ᠃ | 2012 ᠣᠨ ᠠᠴᠠ ᠡᠬᠢᠯᠡᠨ᠂ ᠴᠢᠩᠱᠠᠨ ᠲᠣᠭᠤᠷᠢᠭ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ | ᠨᠡᠶᠢᠭᠡᠮ ᠢᠶᠠᠷ ᠢᠶᠠᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠬᠥᠲᠥᠴᠢ ᠠᠵᠤ ᠠᠬᠤᠶᠢᠯᠠᠯ ᠢᠶᠠᠷ | ᠳᠠᠶᠢᠴᠢᠯᠠᠬᠤ︾ ᠵᠠᠷᠴᠢᠮ ᠢ ᠠᠪᠴᠤ᠂ ᠳᠠᠯᠠᠨ ᠬᠠᠷ᠎ᠠ ᠠᠭᠤᠯᠠ ᠶᠢᠨ ᠡᠮᠦᠨ᠎ᠡ ᠬᠥᠲᠥᠯ ᠢ ᠪᠥᠬᠦ ᠲᠠᠯ᠎ᠠ ᠪᠠᠷ ᠰᠡᠷᠭᠦᠭᠡᠨ | ᠵᠠᠰᠠᠵᠤ᠂ ᠠᠮᠢ ᠠᠬᠤᠶ ᠶᠢᠨ ᠣᠷᠴᠢᠨ ᠲᠣᠭᠤᠷᠢᠨ ᠬᠤᠪᠢᠷᠠᠯᠲᠠ ᠭᠠᠷᠪᠠ᠃ ᠡᠭᠦᠨ ᠤ ᠬᠠᠮᠲᠤ ᠡᠩ ᠲᠡᠷᠢᠭᠦᠨ ᠳᠤ | ︽ᠨᠡᠶᠢᠭᠡᠮ ᠤᠨ ᠬᠦᠷᠦᠩᠭᠡ ᠶᠢ ᠣᠷᠣᠭᠤᠯᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ︾ | ᠵᠠᠭᠪᠤᠷ ᠢ ᠬᠡᠷᠡᠭᠯᠡᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠢ ᠨᠣᠭᠤᠭᠠᠷᠠᠭᠤᠯᠬᠤ ᠠᠵᠢᠯ ᠢ ᠥᠷᠨᠢᠭᠦᠯᠵᠦ᠂ | ︽ᠭᠤᠷᠪᠠᠨ ᠤᠮᠠᠷᠠᠲᠤ︾᠂ ᠪᠠᠶᠢᠭᠠᠯᠢ ᠶᠢᠨ ᠤᠢ ᠶᠢ ᠬᠠᠮᠠᠭᠠᠯᠠᠬᠤ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ ᠵᠡᠷᠭᠡ ᠤᠯᠤᠰ ᠤᠨ ᠴᠢᠬᠤᠯᠠ ᠶᠡᠭᠡ ᠠᠮᠢ ᠠᠬᠤᠢ ᠶᠢᠨ ᠢᠨᠵᠧᠨᠧᠷᠢᠩ ᠢ ᠵᠠᠯᠭᠠᠭ᠎ᠠ ᠪᠠᠷ ᠬᠡᠷᠡᠭᠵᠢᠭᠦᠯᠵᠦ᠂ ᠣᠢ | ᠰᠢᠭᠤᠢ ᠶᠢᠨ ᠪᠦᠷᠬᠦᠴᠡ 2017 ᠣᠨ ᠳᠤ 17% ᠪᠠᠶᠢᠭᠰᠠᠨ ᠠᠴᠠ ᠣᠳᠣᠬᠠᠨ ᠤ 21.5% ᠪᠣᠯᠲᠠᠯ᠎ᠠ | ᠨᠡᠮᠡᠭᠳᠡᠵᠦ᠂ ᠪᠦᠬᠦ ᠲᠤᠭᠤᠷᠢᠭ ᠤᠨ ᠠᠮᠢ ᠠᠬᠤᠢ ᠶᠢᠨ ᠣᠷᠴᠢᠨ ᠲᠣᠭᠤᠷᠢᠨ ᠢᠯᠡᠳᠲᠡ ᠰᠠᠶᠢᠵᠢᠷᠠᠭᠤᠯᠪᠠ᠃ | ᠠᠵᠢᠯᠯᠠᠭ᠎ᠠ ᠶᠢᠨ ᠲᠤᠬᠠᠢ ᠶᠢᠨ ᠡᠳᠦᠷ᠂ ᠴᠢᠩᠱᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ 2 ᠰᠠᠭᠤᠷᠢ ᠮᠠᠰᠢᠨ ᠲᠥᠬᠦᠭᠡᠷᠦᠮᠵᠢ ᠣᠷᠣᠭᠤᠯᠵᠤ᠂ 3 ᠳᠤᠭᠤᠶᠢᠯᠠᠩ ᠨᠡᠶᠢᠲᠡ 60 ᠬᠥᠮᠦᠨ ᠤ | ᠡᠩᠨᠡᠭᠡ ᠶᠢ ᠰᠢᠯᠵᠢᠭᠦᠯᠦᠨ ᠲᠤᠬᠢᠷᠠᠭᠤᠯᠪᠠ᠃ ᠲᠤᠬᠠᠶ ᠶᠢᠨ ᠲᠠᠯᠠᠪᠠᠶ ᠳᠤ ᠠᠵᠢᠯᠲᠠᠳ ᠶᠠᠭᠠᠷᠠᠯᠲᠠᠶ ᠠᠵᠢᠯᠯᠠᠵᠤ᠂ | ᠲᠡᠳᠡᠨᠤᠰ ᠤᠨ ᠠᠵᠢᠯ ᠤᠨ ᠬᠤᠪᠢᠶᠠᠷᠢᠯᠠᠯ ᠲᠣᠳᠣᠷᠬᠠᠶ᠂ ᠵᠠᠷᠢᠮ ᠠᠵᠢᠯᠴᠢᠨ ᠭᠤᠤ ᠮᠠᠯᠲᠠᠬᠤ᠂ ᠳᠤᠰᠤᠯᠭᠠᠨ ᠤᠰᠤᠯᠠᠬᠤ | ᠬᠤᠭᠤᠯᠠᠶ ᠶᠢᠨ ᠱᠤᠭᠤᠮ ᠳᠡᠪᠢᠰᠬᠦ ᠶᠢ ᠬᠠᠷᠢᠭᠤᠴᠠᠵᠤ᠂ ᠵᠠᠷᠢᠮ ᠨᠢ ᠰᠠᠯᠠᠭ᠎ᠠ ᠨᠠᠮᠠᠭ᠎ᠠ ᠰᠠᠯᠠᠭᠠᠯᠠᠬᠤ ᠶᠢ ᠬᠠᠷᠢᠭᠤᠴᠠᠵᠤ᠂ | ᠵᠠᠷᠢᠮ ᠨᠢ ᠶᠠᠭ ᠤᠰᠤᠨ ᠬᠦᠷᠢᠶ᠎ᠡ ᠶᠢ ᠵᠠᠰᠠᠵᠤ ᠪᠠᠶᠢᠨ᠎ᠠ᠂ ᠵᠠᠷᠢᠮ ᠨᠢ ᠬᠠᠷᠢᠯᠴᠠᠨ ᠬᠠᠮᠵᠢᠯᠴᠠᠨ ᠰᠢᠷᠣᠶ ᠳᠠᠷᠤᠪᠠ᠃ | ︽ᠳᠤᠰᠤᠯᠭᠠᠨ ᠤᠰᠤᠯᠠᠬᠤ ᠬᠤᠭᠤᠯᠠᠶ ᠱᠤᠭᠤᠮ ᠤᠨ ᠲᠥᠬᠦᠭᠡᠷᠦᠮᠵᠢ ᠶᠢ ᠳᠡᠪᠢᠰᠦᠭᠰᠡᠨ ᠣᠶ ᠮᠣᠳᠣ ᠨᠢ | ᠬᠠᠭᠰᠠᠷᠠᠬᠤ ᠠᠴᠠ ᠠᠶᠤᠬᠤ ᠥᠬᠡᠶ᠂ ᠴᠠᠭ ᠢᠮᠠᠭᠲᠠ ︿ᠴᠠᠳᠲᠠᠯ᠎ᠠ ᠤᠤᠭᠤᠬᠤ﹀ ᠶᠢᠨ ᠬᠠᠮᠲᠤ ᠪᠠᠰᠠ ᠤᠰᠤᠨ ᠤ ᠡᠬᠢ | ᠰᠤᠷᠪᠤᠯᠵᠢ ᠶᠢ ᠠᠷᠪᠢᠯᠠᠵᠤ ᠴᠢᠳᠠᠨ᠎ᠠ᠂ ᠡᠨᠡ ᠨᠢ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠳᠤ ᠴᠢᠬᠤᠯᠠ ᠪᠠᠲᠤᠯᠠᠭ᠎ᠠ ᠬᠠᠩᠭᠠᠭᠰᠠᠨ ᠪᠠᠶᠢᠨ᠎ᠠ︾ ᠭᠡᠵᠦ ᠲᠤᠭᠤᠷᠢᠭ ᠤᠨ ᠲᠠᠷᠢᠶᠠᠯᠠᠩ ᠮᠠᠯ ᠠᠵᠤ | ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠨᠢᠯᠴᠠᠭᠤᠯᠵᠦ᠂ ᠲᠤᠬᠠᠶ ᠶᠢᠨ ᠡᠳᠦᠷ ᠲᠤ | ᠳᠤᠰᠤᠯᠭᠠᠨ ᠤᠰᠤᠯᠠᠬᠤ ᠬᠤᠭᠤᠯᠠᠶ ᠶᠢᠨ ᠱᠤᠭᠤᠮ ᠢ ᠨᠡᠶᠢᠲᠡ 30 ᠮᠥ ᠲᠠᠯᠪᠢᠵᠤ᠂ ᠰᠠᠯᠠᠭ᠎ᠠ ᠨᠠᠮᠠᠭ᠎ᠠ ᠶᠢ 20 ᠮᠥ | ᠵᠠᠰᠠᠵᠤ᠂ 10 ᠮᠥ ᠤᠰᠤᠨ ᠬᠦᠷᠢᠶ᠎ᠡ ᠶᠢ ᠵᠠᠰᠠᠵᠤ᠂ 200 ᠪᠣᠰᠤᠭ᠎ᠠ ᠳᠥᠷᠪᠡᠯᠵᠢᠨ ᠮᠧᠲᠷ ᠣᠷᠴᠢᠮ ᠬᠥᠷᠥᠰᠥ ᠶᠢ | ᠬᠤᠯᠢᠵᠤ ᠳᠠᠷᠢᠪᠠ᠃ ᠳᠠᠷᠠᠭᠠᠴᠢ ᠶᠢᠨ ᠠᠯᠬᠤᠮ ᠶᠢᠨ ᠪᠤᠭᠤᠲᠤ ᠬᠤᠳᠠ ᠶᠢᠨ ᠴᠢᠩᠱᠠᠨ ᠲᠣᠭᠤᠷᠢᠭ ᠤᠨ ᠡᠯᠡᠰᠦ ᠶᠢ | ᠰᠡᠷᠭᠡᠶᠢᠯᠡᠵᠦ ᠡᠯᠡᠰᠦ ᠶᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠳᠠᠯᠠᠨ ᠬᠠᠷ᠎ᠠ ᠠᠭᠤᠯᠠ ᠶᠢᠨ ᠡᠮᠦᠨ᠎ᠡ | ᠪᠠᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠲᠦᠷᠦᠯ ᠵᠦᠢᠯ ᠳᠤ ᠰᠠᠭᠤᠷᠢ ᠲᠠᠯᠪᠢᠵᠠᠢ᠃ | ᠣᠶᠢᠯᠠᠭᠠᠭᠰᠠᠨ ᠢᠶᠠᠷ᠂ ︽ᠭᠤᠷᠪᠠᠨ ᠤᠮᠠᠷᠠᠲᠤ︾ ᠶᠢᠨ ᠢᠨᠵᠧᠨᠧᠷᠢᠩ ᠨᠢ ᠤᠮᠠᠷᠠᠲᠤ ᠶᠢᠨ ᠠᠮᠢ ᠠᠬᠤᠶ ᠶᠢᠨ | ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠴᠢᠬᠤᠯᠠ ᠶᠡᠭᠡ ᠲᠡᠦᠬᠡᠲᠦ ᠡᠭᠦᠷᠭᠡ ᠶᠢ ᠡᠭᠦᠷᠭᠡᠯᠡᠵᠦ ᠪᠠᠶᠢᠨ᠎ᠠ᠃ | ᠡᠨᠡ ᠬᠦ ᠬᠠᠯᠬᠠᠪᠴᠢ ᠶᠢ ᠨᠡᠩ ᠪᠠᠲᠤ ᠪᠠᠬᠢ ᠪᠠᠶᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠷᠢᠳ ᠬᠤᠵᠢᠳ | 10 ᠭᠠᠷᠤᠢ ᠤᠳᠠᠭ᠎ᠠ ᠪᠦᠬᠦ ᠬᠤᠲᠠ ᠶᠢᠨ ᠮᠣᠳᠣ ᠲᠠᠷᠢᠵᠤ ᠤᠶᠢᠵᠢᠭᠤᠯᠬᠤ ᠠᠵᠢᠯᠯᠠᠭ᠎ᠠ ᠶᠢ ᠡᠷᠬᠢᠯᠡᠵᠦ᠂ ᠨᠠᠮ ᠤᠨ | ᠭᠡᠰᠢᠭᠦᠨ ᠤ ᠠᠮᠢ ᠠᠬᠤᠢ ᠶᠢᠨ ᠣᠢ᠂ ᠡᠯ ᠯᠤᠤ ᠬᠦ᠋ ᠭᠧᠦ ᠵᠡᠷᠭᠡ ᠨᠡᠶᠢᠳᠡᠯᠢᠭ ᠠᠯᠪᠠᠨ ᠵᠢᠷᠤᠮ ᠤᠨ ᠮᠣᠳᠣ ᠲᠠᠷᠢᠬᠤ | ᠰᠠᠭᠤᠷᠢᠨ ᠭᠠᠵᠠᠷ ᠢ ᠪᠣᠢ ᠪᠣᠯᠭᠠᠵᠤ᠂ ᠶᠡᠭᠡ ᠬᠡᠪᠴᠢᠶ᠎ᠡ ᠪᠠᠷ ᠲᠥᠪᠯᠡᠷᠡᠨ ᠵᠠᠯᠭᠠᠯᠳᠤᠭᠰᠠᠨ ᠤᠶᠢᠵᠢᠭᠤᠯᠵᠦ | ᠨᠣᠭᠤᠭᠠᠷᠠᠭᠤᠯᠬᠤ ᠣᠷᠣᠨ ᠢ ᠪᠣᠢ ᠪᠣᠯᠭᠠᠵᠤ᠂ ᠨᠣᠭᠤᠭᠠᠨ ᠥᠩᠭᠡ ᠣᠯᠵᠤ ᠦᠷ᠎ᠡ ᠪᠦᠲᠦᠮᠵᠢ ᠣᠯᠬᠤ ᠬᠠᠷᠠᠯᠲᠠ ᠶᠢ | ᠠᠩᠬ᠎ᠠ ᠠᠯᠬᠤᠮ ᠪᠡᠶᠡᠯᠡᠭᠦᠯᠵᠦ᠂ ᠪᠤᠭᠤᠲᠤ ᠬᠤᠲᠠ ᠶᠢᠨ ᠬᠤᠶᠢᠲᠦ ᠴᠡᠴᠡᠷᠯᠢᠭ ᠢ ᠪᠠᠶᠢᠭᠤᠯᠪᠠ᠃ ᠪᠦᠷᠢᠳᠬᠡᠯ ᠢ | ᠦᠨᠳᠦᠰᠦᠯᠡᠪᠡᠯ᠂ ᠣᠳᠣᠬᠠᠨ ᠪᠣᠯᠲᠠᠯ᠎ᠠ᠂ ᠨᠡᠶᠢᠲᠡ 22.78 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 8. | 76 ᠲᠦᠮᠡᠨ ᠮᠦ ᠮᠣᠳᠣ ᠲᠠᠷᠢᠵᠤ ᠣᠶᠢᠵᠢᠭᠤᠯᠤᠨ᠂ 895 ᠲᠦᠮᠡᠨ ᠰᠠᠭᠤᠷᠢ ᠴᠢᠬᠢ ᠮᠣᠳᠣ ᠲᠠᠷᠢᠵᠤ᠂ ᠪᠤᠭᠤᠲᠤ | ᠬᠤᠲᠠ ᠶᠢᠨ ᠠᠮᠢ ᠠᠬᠤᠶ ᠶᠢᠨ ᠪᠣᠯᠪᠠᠰᠤᠨ ᠤ ᠬᠥᠮᠦᠵᠢᠯ ᠤᠨ ᠦᠢᠯᠡᠳᠦᠯᠭᠡ ᠶᠢᠨ ᠰᠠᠭᠤᠷᠢᠨ ᠭᠠᠵᠠᠷ ᠢ ᠪᠠᠶᠢᠭᠤᠯᠪᠠ᠃ | | | | |