3 ᠰᠠᠷ᠎ᠠ ᠶᠢᠨ 15 ᠤ ᠡᠳᠦᠷ᠂ ᠴᠢᠩᠱᠠᠨ ᠲᠣᠭᠤᠷᠢᠭ ᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ | ᠬᠥᠮᠦᠰ ᠤᠨ ᠨᠥᠬᠦᠷᠯᠡᠯ ᠤᠨ ᠬᠤᠷᠠᠯ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠪᠠ᠃ | ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ | ᠯᠢ ᠶᠦᠩ ᠭᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠪᠦᠬᠦ ᠲᠤᠭᠤᠷᠢᠭ ᠤᠨ ᠨᠡᠶᠢᠭᠡᠮ ᠤᠨᠰᠢᠨ᠎ᠡ | ᠳᠠᠪᠬᠤᠷᠭ᠎ᠠ ᠶᠢᠨ 80 ᠭᠠᠷᠤᠢ ᠬᠦᠮᠦᠰ ᠤᠨ ᠨᠥᠬᠦᠷᠯᠡᠯ ᠤᠨ ᠬᠤᠷᠠᠯ ᠤᠨ ᠭᠡᠰᠢᠭᠦᠨ ᠤ ᠲᠥᠯᠥᠭᠡᠯᠡᠭᠴᠢ ᠶᠡᠭᠡ | ᠬᠤᠷᠠᠯ ᠳᠤ ᠤᠷᠤᠯᠴᠠᠪᠠ᠃ | ᠬᠤᠷᠠᠯ ᠠᠴᠠ ᠪᠦᠬᠦ ᠤᠯᠤᠰ ᠤᠨ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠭᠤᠣᠯ ᠰᠡᠳᠦᠪᠲᠦ | ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠣᠭᠤᠷᠢᠭ ᠤᠨ ᠰᠢᠨ᠎ᠡ ᠬᠤᠯᠪᠣᠭᠠᠲᠤ | ᠬᠤᠷᠠᠯ ᠤᠨ 2024 ᠣᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ᠂ 2024 ᠣᠨ ᠤ ᠭᠡᠰᠢᠭᠦᠳ ᠤᠨ ᠡᠭᠦᠷᠭᠡ | ᠲᠤᠰᠢᠶᠠᠯ ᠢᠶᠠᠨ ᠭᠦᠢᠴᠡᠳᠬᠡᠬᠦ ᠶᠢ ᠰᠢᠯᠭᠠᠨ ᠦᠨᠡᠯᠡᠭᠰᠡᠨ ᠦᠷ᠎ᠡ ᠳ᠋ᠦᠩ ᠢ ᠵᠠᠷᠯᠠᠨ ᠮᠡᠳᠡᠭᠳᠡᠵᠦ᠂ 2024 ᠣᠨ ᠤ | ᠢᠯᠡᠷᠡᠯ ᠲᠤᠪᠤᠶᠢᠮ᠎ᠠ ᠭᠡᠰᠢᠭᠦᠨ ᠢ ᠬᠥᠬᠢᠭᠦᠯᠦᠨ ᠰᠠᠶᠢᠰᠢᠶᠠᠪᠠ᠃ | ᠬᠤᠷᠠᠯ ᠠᠴᠠ᠂ 2024 ᠣᠨ ᠳᠤ ᠲᠤᠭᠤᠷᠢᠭ ᠤᠨ ᠰᠢᠨ᠎ᠡ ᠬᠤᠯᠪᠣᠭᠠᠲᠤ ᠬᠤᠷᠠᠯ ᠢᠮᠠᠭᠲᠠ ᠦᠵᠡᠯ ᠰᠠᠨᠠᠭ᠎ᠠ | ᠤᠯᠤᠰ ᠲᠦᠷᠦ ᠶᠢᠨ ᠵᠢᠯᠣᠭᠤᠳᠤᠮᠵᠢ ᠶᠢ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠪᠦᠯᠬᠦᠮᠳᠡᠭᠦᠯᠦᠨ | ᠨᠢᠭᠲᠠᠷᠠᠭᠤᠯᠬᠤ ᠦᠨᠳᠦᠰᠦᠨ ᠡᠭᠦᠷᠭᠡ ᠪᠣᠯᠭᠠᠬᠤ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ | ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠬᠥᠭᠦᠷᠭᠡ ᠬᠤᠯᠪᠣᠭᠠᠰᠤ ᠶᠢᠨ | ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠢ ᠪᠦᠯᠬᠦᠮᠳᠡᠭᠦᠯᠦᠨ | ᠳᠠᠭᠠᠭᠤᠯᠵᠤ ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠵᠤ᠂ ᠳᠠᠪᠠᠭᠤᠯᠢᠭ ᠢᠶᠠᠨ ᠪᠠᠳᠠᠷᠠᠭᠤᠯᠵᠤ᠂ ᠴᠢᠩᠱᠠᠨ | ᠲᠣᠭᠤᠷᠢᠭ ᠤᠨ ᠥᠭᠡᠷᠡᠴᠢᠯᠡᠯᠲᠡ ᠨᠡᠬᠡᠬᠡᠯᠳᠡ ᠶᠢᠨ ᠦᠢᠯᠡᠰ ᠲᠤ ᠢᠳᠡᠪᠬᠢᠲᠡᠢ ᠣᠷᠣᠯᠴᠠᠭᠤᠯᠵᠤ᠂ ︽ᠲᠤᠯᠤᠭᠠᠨ ᠰᠢᠨ᠎ᠡ | ᠴᠢᠩᠱᠠᠨ︾ ᠶᠢ ᠪᠦᠳᠦᠬᠡᠨ ᠪᠠᠶᠢᠭᠤᠯᠬᠤ ᠳᠤ ︽ᠰᠢᠨ᠎ᠡ︾ ᠬᠦᠴᠦᠨ ᠴᠢᠳᠠᠯ ᠢᠶᠠᠨ ᠡᠷᠭᠦᠵᠦ᠂ ︽ᠰᠢᠨ᠎ᠡ︾ ᠡᠭᠦᠷᠭᠡᠯᠡᠯ ᠢ | ᠢᠯᠡᠷᠡᠭᠦᠯᠪᠡ ᠭᠡᠵᠦ ᠵᠢᠭᠠᠨ ᠭᠠᠷᠭᠠᠪᠠ᠃ | ᠬᠤᠷᠠᠯ ᠠᠴᠠ᠂ ᠨᠢᠭᠡ ᠳᠤ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠨᠠᠩ ᠴᠢᠩᠭ᠎ᠠ ᠨᠡᠶᠢᠯᠡᠮᠡᠯ | ᠬᠦᠴᠦᠨ ᠢ ᠨᠢᠭᠲᠠᠷᠠᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ | ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠵᠤ᠂ | ᠨᠡᠶᠢᠭᠡᠮ ᠤᠨ ᠰᠢᠨ᠎ᠡ ᠳᠠᠪᠬᠤᠷᠭ᠎ᠠ ᠶᠢᠨ ᠬᠥᠮᠦᠰ ᠤᠨ ᠦᠵᠡᠯ ᠰᠠᠨᠠᠭ᠎ᠠ ᠤᠯᠤᠰ ᠲᠦᠷᠦ ᠶᠢᠨ ᠬᠠᠮᠲᠤ ᠶᠢᠨ | ᠲᠠᠨᠢᠯᠲᠠ ᠶᠢ ᠦᠷᠭᠦᠯᠵᠢᠯᠡᠨ ᠪᠠᠬᠢᠵᠢᠭᠦᠯᠬᠦ ᠬᠡᠷᠡᠭᠲᠡᠢ᠃ ᠴᠠᠭ ᠦᠶ᠎ᠡ ᠶᠢᠨ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ | ᠡᠭᠦᠷᠭᠡᠯᠡᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ᠂ ᠤᠯᠤᠰ ᠢᠶᠠᠨ ᠬᠠᠶᠢᠷᠠᠯᠠᠬᠤ ᠲᠡᠮᠡᠴᠡᠯ ᠤᠨ ᠵᠣᠷᠢᠭ | ᠰᠠᠨᠠᠭ᠎ᠠ ᠶᠢ ᠪᠠᠳᠠᠷᠠᠭᠤᠯᠬᠤ᠂ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ᠂ ᠨᠡᠶᠢᠭᠡᠮ ᠤᠨ ᠪᠠᠶᠢᠭᠤᠯᠤᠯᠲᠠ ᠳᠤ | ᠦᠢᠯᠡᠴᠢᠯᠡᠬᠦ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ | ᠬᠡᠷᠡᠭᠲᠡᠢ᠃ ᠠᠷᠭ᠎ᠠ ᠬᠡᠯᠪᠡᠷᠢ ᠶᠢ ᠴᠢᠬᠤᠯᠠᠴᠢᠯᠠᠵᠤ᠂ ᠵᠣᠷᠢᠭ ᠰᠠᠨᠠᠭ᠎ᠠ ᠪᠠ ᠤᠶᠤᠨ ᠴᠢᠳᠠᠯ ᠢᠶᠠᠨ ᠨᠡᠶᠢᠭᠡᠮ ᠤᠨ ᠰᠢᠨ᠎ᠡ | ᠳᠠᠪᠬᠤᠷᠭ᠎ᠠ ᠶᠢᠨ ᠬᠥᠮᠦᠰ ᠤᠨ ᠠᠵᠢᠯ ᠤᠨ ᠲᠦᠪᠰᠢᠨ ᠢ ᠳᠡᠭᠡᠭᠰᠢᠯᠡᠭᠦᠯᠬᠦ ᠳᠡᠭᠡᠷ᠎ᠡ ᠦᠨᠡᠨ ᠬᠦ ᠨᠢᠭᠲᠠᠷᠠᠭᠤᠯᠬᠤ | ᠬᠡᠷᠡᠭᠲᠡᠶ᠃ ᠬᠤᠶᠠᠷ ᠲᠤ᠂ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠨᠡᠩ ᠶᠡᠭᠡ ᠵᠢᠳᠬᠦᠯ | ᠴᠢᠷᠮᠠᠶᠢᠯᠭ᠎ᠠ ᠭᠠᠷᠭᠠᠬᠤ ᠬᠡᠷᠡᠭᠲᠡᠢ᠃ ᠤᠶᠤᠨ ᠤᠬᠠᠭᠠᠨ ᠬᠦᠴᠦᠨ ᠴᠢᠳᠠᠯ ᠢᠶᠠᠨ ᠲᠥᠪᠯᠡᠷᠡᠭᠦᠯᠬᠦ ᠦᠢᠯᠡᠳᠦᠯ ᠢ | ᠪᠠᠳᠠᠷᠠᠭᠤᠯᠵᠤ᠂ ᠮᠠᠨ ᠤ ᠲᠤᠭᠤᠷᠢᠭ ᠤᠨ ᠲᠠᠯᠠᠰᠲᠤ ᠴᠠᠬᠢᠭᠤᠷ ᠤᠨ ᠭᠡᠷᠡᠯ ᠴᠡᠨᠡᠭ᠂ ᠤᠰᠤᠲᠥ᠋ᠷᠥᠭᠴᠢ ᠡᠨᠧᠷᠭᠢ ᠶᠢᠨ | ᠡᠨᠧᠷᠭᠢ ᠬᠠᠳᠠᠭᠠᠯᠠᠬᠤ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ | ᠰᠢᠨᠵᠢᠯᠡᠬᠦ ᠤᠬᠠᠭᠠᠨ ᠮᠡᠷᠭᠡᠵᠢᠯ ᠤᠨ ᠲᠤᠰᠬᠠᠢ ᠰᠡᠳᠦᠪ ᠲᠤ ᠢᠳᠡᠪᠬᠢᠲᠡᠢ ᠣᠷᠣᠯᠴᠠᠬᠤ ᠬᠡᠷᠡᠭᠲᠡᠢ᠃ ᠰᠢᠨ᠎ᠡ ᠬᠦᠴᠦᠨ ᠢ | ᠬᠥᠭᠵᠢᠭᠦᠯᠬᠦ ᠶᠢ ᠪᠠᠷᠢᠮᠲᠠᠯᠠᠵᠤ᠂ ᠥᠨᠳᠥᠷ ᠬᠡᠪ ᠪᠣᠯᠪᠠᠰᠤᠷᠠᠯ ᠲᠠᠢ ᠲᠥᠯᠥᠭᠡᠯᠡᠭᠴᠢ ᠶᠢᠨ ᠡᠩᠨᠡᠭᠡ ᠶᠢ ᠪᠠᠶᠢᠭᠤᠯᠬᠤ | ᠬᠡᠷᠡᠭᠲᠡᠢ᠃ ᠰᠢᠨ᠎ᠡ ᠬᠠᠮᠲᠤᠷᠠᠭᠰᠠᠨ ᠬᠤᠷᠠᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ | ᠠᠵᠢᠯ ᠤᠨ ᠢᠳᠡᠪᠬᠢᠵᠢᠯ ᠪᠠ ᠪᠦᠲᠦᠭᠡᠯᠴᠢ ᠬᠦᠴᠦᠨ ᠢ ᠳᠠᠶᠢᠴᠢᠯᠠᠬᠤ ᠬᠡᠷᠡᠭᠲᠡᠢ᠃ ᠭᠤᠷᠪᠠ ᠳᠤ᠂ ᠲᠤᠰ ᠪᠡᠶ᠎ᠡ ᠶᠢᠨ | ᠪᠠᠶᠢᠭᠤᠯᠤᠯᠲᠠ ᠪᠠᠨ ᠴᠢᠩᠭᠠᠳᠬᠠᠵᠤ᠂ ᠨᠡᠩ ᠴᠢᠩᠭ᠎ᠠ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ᠃ ᠳᠦᠷᠢᠮ ᠤᠨ | ᠪᠠᠶᠢᠭᠤᠯᠤᠯᠲᠠ ᠶᠢ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠠᠰᠢᠭᠲᠠᠢ ᠠᠵᠢᠯ ᠤᠨ | ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠬᠡᠷᠡᠭᠲᠡᠢ᠃ ᠦᠢᠯᠡᠴᠢᠯᠡᠭᠡ ᠪᠠᠨ ᠰᠢᠨᠡᠴᠢᠯᠡᠨ ᠰᠢᠯᠢᠳᠡᠭᠵᠢᠭᠦᠯᠵᠦ᠂ | ᠨᠡᠶᠢᠭᠡᠮ ᠳᠤ ᠢᠳᠡᠪᠬᠢᠲᠡᠢ ᠦᠢᠯᠡᠴᠢᠯᠡᠵᠦ᠂ ᠨᠡᠶᠢᠭᠡᠮ ᠳᠤ ᠠᠴᠢ ᠬᠠᠷᠢᠭᠤᠯᠬᠤ ᠬᠡᠷᠡᠭᠲᠡᠢ᠃ ᠨᠡᠶᠢᠭᠡᠮ ᠤᠨ | ᠳᠠᠪᠬᠤᠷᠭ᠎ᠠ ᠶᠢᠨ ᠬᠥᠮᠦᠰ ᠤᠨ ᠰᠢᠨ᠎ᠡ ᠶᠢ ᠡᠭᠦᠳᠬᠦ ᠰᠢᠨ᠎ᠡ ᠰᠠᠭᠤᠷᠢᠨ ᠭᠠᠵᠠᠷ ᠢ ᠦᠷᠭᠦᠯᠵᠢᠯᠡᠨ ᠴᠣᠭᠴᠠᠯᠠᠵᠤ᠂ | ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠴᠢᠳᠠᠪᠤᠷᠢᠲᠠᠨ ᠢᠶᠠᠷ ᠴᠢᠳᠠᠪᠤᠷᠢᠲᠠᠨ ᠢ ᠲᠠᠲᠠᠬᠤ᠂ ᠤᠶᠤᠨ | ᠤᠬᠠᠭᠠᠨ ᠢᠶᠠᠷ ᠤᠶᠤᠨ ᠤᠬᠠᠭᠠᠨ ᠢ ᠲᠥᠪᠯᠡᠷᠡᠭᠦᠯᠬᠦ ᠦᠢᠯᠡᠳᠦᠯ ᠢ ᠬᠦᠴᠦᠯᠡᠨ ᠪᠠᠳᠠᠷᠠᠭᠤᠯᠬᠤ ᠬᠡᠷᠡᠭᠲᠡᠢ ᠭᠡᠵᠦ | ᠱᠠᠭᠠᠷᠳᠠᠭᠰᠠᠨ ᠪᠠᠶᠢᠨ᠎ᠠ᠃ | ᠬᠤᠷᠠᠯ ᠤᠨ ᠳᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠬᠠᠮᠢᠶ᠎ᠠ | ᠪᠥᠬᠦᠶ ᠬᠠᠷᠢᠭᠤᠴᠠᠯᠭᠠᠲᠠᠨ ᠨᠥᠬᠦᠳ ᠢ ᠤᠷᠢᠵᠤ ᠰᠢᠨ᠎ᠡ ᠳᠠᠪᠬᠤᠷᠭ᠎ᠠ ᠶᠢᠨ ᠬᠥᠮᠦᠰ ᠤᠨ ᠨᠢᠭᠡᠳᠦᠮᠡᠯ ᠹᠷᠣᠨᠲ ᠤᠨ | ᠠᠵᠢᠯ ᠤᠨ ᠣᠨᠣᠯ ᠪᠠ ᠦᠢᠯᠡᠳᠦᠯᠭᠡ ᠶᠢᠨ ᠰᠢᠨ᠎ᠡ ᠶᠢ ᠡᠭᠦᠳᠬᠦ ᠲᠣᠭᠤᠷᠢᠨ ᠳᠤ ᠲᠤᠰᠬᠠᠶ ᠰᠡᠳᠦᠪᠲᠦ | ᠪᠣᠯᠪᠠᠰᠤᠷᠠᠭᠤᠯᠤᠯ ᠬᠢᠯᠭᠡᠵᠡᠶ᠃ | | | | | | | | |