ᠶᠡᠭᠡ ᠬᠡᠮᠵᠢᠶᠡᠨ ᠤ ᠲᠠᠸᠠᠷ ᠤᠨ ᠦᠨ᠎ᠡ ᠬᠠᠩᠰᠢ ᠪᠠᠭᠤᠷᠠᠵᠦ  ᠬᠢᠵᠠᠭᠠᠷᠯᠠᠯ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠬᠥᠭᠵᠢᠯᠲᠡ ᠶᠢᠨ ᠨᠡᠮᠡᠭᠳᠡᠯ ᠤᠨ ᠬᠤᠷᠳᠤᠴᠠ ᠲᠦᠷᠭᠡᠳᠵᠦ ᠪᠤᠢ
ᠨᠡᠶᠢᠲᠡᠯᠡᠭᠰᠡᠨ ᠴᠠᠭ᠄
2025/3/18
      ᠡᠨᠡ ᠵᠢᠯ ᠤᠨ ᠡᠬᠢ ᠪᠠᠷ᠂ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠦᠨ᠎ᠡ ᠬᠠᠩᠰᠢ ᠪᠠᠭᠤᠷᠠᠭᠰᠠᠨ ᠨᠥᠯᠥᠭᠡ ᠠᠴᠠ ᠪᠣᠯᠵᠣ᠂ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠢ ᠶᠢᠨ ᠪᠣᠷᠣᠯᠠᠭᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ ᠢᠯᠡᠳᠲᠡ ᠪᠠᠭᠠᠰᠴᠤ᠂ ᠲᠡᠭᠦᠨ ᠲᠠᠢ ᠬᠤᠯᠪᠣᠭᠳᠠᠬᠤ ᠲᠣᠮᠣ ᠬᠡᠯᠪᠡᠷᠢ ᠶᠢᠨ ᠮᠠᠰᠢᠨ ᠲᠥᠬᠦᠭᠡᠷᠦᠮᠵᠢ ᠶᠢᠨ ᠲᠥᠷᠥᠯ ᠤᠨ ᠪᠣᠷᠣᠯᠠᠭᠤᠯᠭ᠎ᠠ ᠶᠢᠨ ᠪᠠᠶᠢᠳᠠᠯ ᠨᠥᠯᠥᠭᠡᠯᠡᠭᠳᠡᠵᠦ᠂ ᠪᠠᠭᠤᠷᠠᠬᠤ ᠬᠠᠨᠳᠤᠰᠢ ᠲᠠᠢ ᠪᠣᠯᠪᠠ᠃ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠶᠡᠷᠦᠩᠬᠡᠢ ᠪᠣᠷᠣᠯᠠᠭᠤᠯᠤᠯᠲᠠ ᠶᠢᠨ ᠬᠡᠮᠵᠢᠶ᠎ᠡ ᠳᠡᠭᠡᠷ᠎ᠡ ᠵᠢᠯ ᠤᠨ ᠠᠳᠠᠯᠢ ᠬᠤᠭᠤᠴᠠᠭᠠᠨ ᠠᠴᠠ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃      1 — 2 ᠳ᠋ᠤᠭᠠᠷ ᠰᠠᠷ᠎ᠠ ᠳᠤ᠂ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠠᠵᠤ ᠠᠬᠤᠶᠢᠯᠠᠯ ᠤᠨ ᠲᠣᠰ ᠰᠠᠷ᠎ᠠ ᠶᠢᠨ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 5.5%᠎ ᠪᠠᠷ ᠨᠡᠮᠡᠭᠳᠡᠵᠦ᠂ ᠳᠡᠭᠡᠷ᠎ᠡ ᠵᠢᠯ ᠤᠨ 12 ᠳ᠋ᠤᠭᠠᠷ ᠰᠠᠷ᠎ᠠ ᠶᠢᠨ ᠬᠢ ᠠᠴᠠ 4.2 ᠵᠠᠭᠤᠨ ᠤ ᠴᠡᠭ ᠨᠡᠮᠡᠭᠳᠡᠪᠡ︔ ᠨᠡᠶᠢᠲᠡ ᠪᠣᠷᠣᠯᠠᠭᠤᠯᠤᠯᠲᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 6.6%᠎ ᠪᠠᠷ ᠪᠠᠭᠤᠷᠠᠵᠤ᠂ ᠳᠡᠭᠡᠷ᠎ᠡ ᠵᠢᠯ ᠤᠨ ᠵᠢᠯ ᠤᠨ ᠰᠡᠭᠦᠯᠴᠢ ᠶᠢᠨ ᠬᠢ ᠠᠴᠠ 6.9 ᠵᠠᠭᠤᠨ ᠤ ᠴᠡᠭ ᠪᠠᠭᠤᠷᠠᠪᠠ᠃      ᠮᠠᠨ ᠤ  ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ 1 — 2 ᠳ᠋ᠤᠭᠠᠷ ᠰᠠᠷ᠎ᠠ ᠶᠢᠨ ᠶᠡᠷᠦᠩᠬᠡᠶ ᠪᠣᠷᠣᠯᠠᠭᠤᠯᠤᠯᠲᠠ ᠶᠢᠨ ᠬᠡᠮᠵᠢᠶᠡᠨ ᠤ ᠭᠤᠤᠯ ᠪᠣᠯᠬᠤ  ᠳᠤᠷᠤᠭᠰᠢ ᠲᠠᠲᠠᠭᠰᠠᠨ ᠲᠠᠸᠠᠷ ᠤᠨ ᠲᠥᠷᠥᠯ ᠵᠦᠢᠯ ᠨᠢ ᠨᠡᠭᠦᠷᠡᠰᠦ ᠵᠢᠴᠢ ᠪᠦᠲᠦᠭᠡᠭᠳᠡᠬᠦᠨ ᠤ ᠲᠥᠷᠥᠯ᠂ ᠮᠠᠰᠢᠨ ᠴᠠᠬᠢᠯᠭᠠᠨ ᠤ ᠦᠢᠯᠡᠳᠬᠦᠨ ᠵᠢᠴᠢ ᠲᠥᠬᠦᠭᠡᠷᠦᠮᠵᠢ ᠶᠢᠨ ᠲᠥᠷᠥᠯ ︵ᠭᠤᠤᠯᠳᠠᠭᠤ ᠲᠣᠮᠣ ᠬᠡᠯᠪᠡᠷᠢ ᠶᠢᠨ ᠲᠥᠬᠦᠭᠡᠷᠦᠮᠵᠢ ᠶᠢᠨ ᠪᠣᠷᠣᠯᠠᠭᠤᠯᠤᠯᠲᠠ ᠳᠤ ᠬᠤᠯᠪᠣᠭᠳᠠᠨ᠎ᠠ︶᠂ ᠪᠤᠰᠤᠳ ᠲᠤᠲᠤᠷᠬᠠᠶᠢᠯᠠᠭᠰᠠᠨ ᠦᠭᠡᠢ ᠲᠠᠸᠠᠷ ᠤᠨ ᠲᠥᠷᠥᠯ ︵ᠭᠤᠤᠯᠳᠠᠭᠤ ᠪᠠᠶᠢᠭᠠᠯᠢ ᠶᠢᠨ ᠰᠢᠲᠠᠮᠠᠬᠠᠶ ᠬᠡᠢ ᠶᠢᠨ ᠪᠣᠷᠣᠯᠠᠭᠤᠯᠭ᠎ᠠ ᠳᠤ ᠬᠤᠯᠪᠣᠭᠳᠠᠨ᠎ᠠ︶ ᠪᠠᠶᠢᠵᠤ᠂ ᠲᠣᠰ ᠲᠣᠰ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 72.6%᠂ 21.9% ᠪᠠ 3.3% ᠪᠠᠭᠤᠷᠠᠵᠤ᠂ ᠮᠠᠨ ᠤ ᠲᠤᠭᠤᠷᠢᠭ ᠤᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠪᠥᠭᠡᠮ ᠢᠶᠠᠷ ᠬᠤᠳᠠᠯᠳᠤᠬᠤ ᠦᠢᠯᠡᠰ ᠤᠨ ᠶᠡᠷᠦᠩᠬᠡᠶ ᠪᠣᠷᠣᠯᠠᠭᠤᠯᠤᠯᠲᠠ ᠶᠢᠨ ᠬᠡᠮᠵᠢᠶ᠎ᠡ 8.9᠂ 4.6 ᠪᠠ 1.2 ᠵᠠᠭᠤᠨ ᠤ ᠨᠢᠭᠡᠴᠢ ᠪᠠᠭᠤᠷᠠᠵᠠᠶ᠃      ᠵᠢᠯ ᠤᠨ ᠡᠬᠢᠨ ᠳᠤ ᠪᠣᠷᠣᠯᠠᠭᠤᠯᠬᠤ ᠬᠠᠨᠳᠤᠰᠢ ᠨᠡᠯᠢᠶᠡᠳ ᠰᠠᠶᠢᠨ ᠲᠠᠸᠠᠷ ᠤᠨ ᠲᠥᠷᠥᠯ ᠢᠯᠭᠠᠯ ᠳᠤ ᠭᠤᠤᠯᠳᠠᠭᠤ ᠲᠡᠮᠦᠷᠯᠢᠭ ᠮᠠᠲ᠋ᠧᠷᠢᠶᠠᠯ ᠤᠨ ᠲᠥᠷᠥᠯ᠂ ᠬᠢᠮᠢ ᠶᠢᠨ ᠠᠵᠤ ᠦᠢᠯᠡᠳᠪᠦᠷᠢ ᠶᠢᠨ ᠮᠠᠲ᠋ᠧᠷᠢᠶᠠᠯ ᠵᠢᠴᠢ ᠪᠦᠲᠦᠭᠡᠭᠳᠡᠬᠦᠨ ᠤ ᠲᠥᠷᠥᠯ᠂ ᠬᠡᠷ ᠤᠨ ᠴᠠᠬᠢᠯᠭᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠶᠢᠨ ᠪᠠᠭᠠᠵᠢ ᠬᠡᠷᠡᠭᠰᠡᠯ ᠤᠨ ᠲᠥᠷᠥᠯ ᠪᠠᠶᠢᠵᠤ᠂ 1 — 2 ᠳ᠋ᠤᠭᠠᠷ ᠰᠠᠷ᠎ᠠ ᠶᠢᠨ ᠨᠡᠶᠢᠲᠡ ᠪᠣᠷᠣᠯᠠᠭᠤᠯᠤᠯᠲᠠ ᠶᠢᠨ ᠬᠡᠮᠵᠢᠶ᠎ᠡ ᠨᠢ ᠲᠦᠷᠦᠭᠦᠤ ᠵᠢᠯ ᠤᠨ ᠠᠳᠠᠯᠢ ᠬᠤᠭᠤᠴᠠᠭᠠᠨ ᠤ ᠬᠢ ᠠᠴᠠ 40.6%᠂ 27.0% ᠪᠠ 144.1% ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号