ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠦ ᠥᠨᠳᠥᠷ ᠪᠦᠲᠦᠮᠵᠢᠲᠡᠶ ᠪᠠᠷ ᠠᠯᠪᠠᠨ ᠵᠢᠷᠤᠮ ᠤᠨ ᠴᠡᠷᠢᠭ ᠤᠨ ᠬᠡᠷ ᠪᠦᠯᠢ ᠶᠢᠨ ᠬᠠᠷᠠᠭᠠᠯᠵᠠᠯ ᠤᠨ ᠮᠥᠩᠭᠦ ᠲᠠᠷᠬᠠᠭᠠᠬᠤ ᠠᠵᠢᠯ ᠢ ᠠᠬᠢᠭᠤᠯᠪᠠ
ᠨᠡᠶᠢᠲᠡᠯᠡᠭᠰᠡᠨ ᠴᠠᠭ᠄
2025/3/18
      ᠶᠡᠷᠦᠩᠬᠡᠢ ᠱᠦᠵᠢ ᠰᠢ ᠶᠢᠨ ᠫᠢᠩ ᠤᠨ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠥᠭᠦᠯᠡᠯᠲᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠦᠢᠯᠡᠴᠢᠯᠡᠭᠡᠨ ᠤ ᠰᠢᠨ᠎ᠡ ᠵᠠᠭᠪᠤᠷ ᠢ ᠲᠠᠰᠤᠷᠠᠯᠲᠠ ᠦᠭᠡᠢ ᠰᠦᠪᠡᠭᠴᠢᠯᠡᠵᠦ᠂ ᠠᠵᠢᠯ ᠤᠨ ᠰᠢᠨ᠎ᠡ ᠰᠡᠳᠬᠢᠴᠡ ᠶᠢ ᠰᠢᠯᠢᠳᠡᠭᠵᠢᠭᠦᠯᠦᠨ᠂ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠠᠷᠠᠭᠠᠯᠵᠠᠯ ᠤᠨ ᠮᠥᠩᠭᠦ ᠲᠠᠷᠬᠠᠭᠠᠬᠤ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠴᠡᠷᠢᠭ ᠬᠥᠮᠦᠨ ᠴᠡᠷᠢᠭ ᠤᠨ ᠭᠡᠷ ᠪᠦᠯᠢ ᠶᠢᠨ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠪᠠᠲᠤᠯᠠᠪᠠ᠃      ᠥᠩᠭᠡᠷᠡᠭᠰᠡᠨ ᠳᠤ᠂ ᠠᠯᠪᠠᠨ ᠵᠢᠷᠤᠮ ᠤᠨ ᠴᠡᠷᠢᠭ ᠤᠨ ᠭᠡᠷ ᠪᠦᠯᠢ ᠶᠢᠨ ᠬᠢᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠰᠠᠯᠠᠭ᠎ᠠ ᠮᠥᠴᠢᠷ ᠲᠤ ᠬᠦᠷᠴᠦ ᠪᠢᠴᠢᠭ ᠮᠠᠲ᠋ᠧᠷᠢᠶᠠᠯ ᠬᠦᠷᠭᠡᠵᠦ᠂ ᠬᠠᠷᠠᠭᠠᠯᠵᠠᠯ ᠤᠨ ᠮᠥᠩᠭᠦ ᠶᠢ ᠬᠢᠨᠠᠨ ᠬᠠᠷᠭᠤᠭᠤᠯᠬᠤ ᠭᠠᠷ ᠭᠦᠢᠴᠡᠳᠬᠡᠯ ᠢ ᠭᠦᠢᠴᠡᠳᠬᠡᠬᠦ ᠴᠢᠬᠤᠯᠠᠲᠠᠢ᠂ ᠣᠨᠴᠠ ᠵᠠᠷᠢᠮ ᠰᠢᠨ᠎ᠡ ᠎ ᠪᠠᠷ ᠴᠡᠷᠢᠭ ᠲᠤ ᠤᠷᠤᠭᠰᠠᠨ ᠬᠠᠷᠢᠯᠴᠠᠬᠤ ᠳᠤ ᠳᠥᠭᠦᠮ ᠦᠭᠡᠢ ᠮᠠᠲ᠋ᠧᠷᠢᠶᠠᠯ ᠎ ᠢ ᠬᠢᠨᠠᠨ  ᠬᠠᠷᠭᠤᠯᠬᠤ ᠳᠤ ᠶᠠᠷᠰᠢᠭ ᠲᠦᠪᠡᠭ ᠲᠠᠢ᠃ ᠡᠨᠡ ᠵᠢᠯ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠣᠪᠴᠢᠶ᠎ᠠ ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠤᠷᠢᠳᠴᠢᠯᠠᠨ ᠦᠢᠯᠡᠴᠢᠯᠡᠵᠦ᠂ ᠰᠢᠨ᠎ᠡ ᠴᠡᠷᠢᠭ ᠴᠡᠷᠢᠭ ᠤᠨ ᠬᠤᠸᠠᠷᠠᠨ  ᠎ ᠳᠤ ᠤᠷᠤᠭᠰᠠᠨ ᠤ ᠡᠬᠢ ᠪᠠᠷ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠠᠷᠠᠭᠠᠯᠵᠠᠯ ᠤᠨ ᠮᠥᠩᠭᠦ ᠶᠢ ᠭᠦᠢᠴᠡᠳᠭᠡᠬᠦ ᠵᠢᠯᠣᠭᠤᠳᠬᠤ ᠭᠠᠷ ᠳᠡᠪᠲᠡᠷ ᠢ ᠲᠠᠷᠬᠠᠭᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠪᠠ ᠭᠦᠢᠴᠡᠳᠭᠡᠬᠦ ᠶᠠᠪᠤᠴᠠ ᠶᠢ ᠭᠦᠨᠵᠡᠭᠡᠶ ᠲᠠᠶᠢᠯᠪᠤᠷᠢᠯᠠᠪᠠ᠃ ᠴᠡᠷᠢᠭ ᠬᠦᠷᠭᠡᠬᠦ ᠲᠠᠰᠢᠷᠠᠮ ᠳᠤ ᠪᠠᠰᠠ ᠠᠯᠪᠠᠨ ᠵᠢᠷᠤᠮ ᠤᠨ ᠴᠡᠷᠢᠭ ᠤᠨ ᠬᠠᠷᠠᠭᠠᠯᠵᠠᠯ ᠤᠨ ᠮᠥᠩᠭᠦ ᠬᠠᠩᠭᠠᠬᠤ ᠳᠤ ︽ᠨᠢᠭᠡ ᠥᠷᠲᠡᠭᠡᠨ ᠤ ᠮᠠᠶ᠋ᠢᠭ︾᠎ ᠤᠨ ᠦᠢᠯᠡᠴᠢᠯᠡᠭᠡ ᠬᠠᠩᠭᠠᠪᠠ᠃ ᠠᠵᠢᠯᠲᠠᠳ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠵᠦ᠂ ᠰᠢᠨ᠎ᠡ ᠴᠡᠷᠢᠭ ᠵᠢᠴᠢ ᠭᠡᠷ ᠪᠦᠯᠢ ᠶᠢᠨ ᠬᠢᠨ ᠤ ᠪᠡᠶ᠎ᠡ ᠬᠡᠮ ᠤᠨ ᠮᠡᠳᠡᠭᠡ ᠵᠠᠩᠭᠢ ᠶᠢ ᠴᠤᠭᠯᠠᠭᠤᠯᠵᠤ᠂ ᠮᠠᠲ᠋ᠧᠷᠢᠶᠠᠯ ᠢ ᠵᠢᠯᠣᠭᠤᠳᠤᠨ ᠲᠡᠭᠦᠯᠳᠡᠷᠵᠢᠭᠦᠯᠵᠦ᠂ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠬᠦᠯᠢᠴᠡᠩᠭᠦᠢ ᠪᠠᠷ ᠬᠠᠷᠢᠭᠤᠯᠵᠤ᠂ ᠰᠢᠨ᠎ᠡ ᠴᠡᠷᠢᠭ ᠵᠢᠴᠢ ᠭᠡᠷ ᠪᠦᠯᠢ ᠶᠢᠨ ᠬᠢᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠪᠣᠯᠤᠨ ᠪᠦᠬᠦ ᠨᠡᠶᠢᠭᠡᠮ ᠢᠶᠠᠷ ᠢᠶᠠᠨ ᠴᠡᠷᠢᠭ ᠢ ᠬᠦᠨᠳᠦᠳᠬᠡᠨ ᠪᠢᠰᠢᠷᠡᠬᠦ ᠶᠢ ᠮᠡᠳᠡᠷᠡᠭᠦᠯᠪᠡ᠃      ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠤᠨ ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠤᠨ ᠲᠤᠪᠴᠢᠶ᠎ᠠ ᠦᠷᠭᠦᠯᠵᠢᠯᠡᠨ ᠬᠡᠷᠡᠭ ᠡᠷᠬᠢᠯᠡᠬᠦ ᠶᠠᠪᠤᠴᠠ ᠪᠠᠨ ᠰᠢᠯᠢᠳᠡᠭᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠨᠡᠩ ᠥᠨᠳᠥᠷ ᠪᠦᠲᠦᠮᠵᠢᠲᠡᠢ᠂ ᠨᠡᠩ ᠳᠣᠲᠣᠨᠣ᠂ ᠨᠡᠩ ᠬᠠᠯᠠᠭᠤᠨ ᠳᠤᠯᠠᠭᠠᠨ ᠦᠢᠯᠡᠴᠢᠯᠡᠭᠡᠨ ᠤ ᠰᠢᠨ᠎ᠡ ᠳᠦᠷᠰᠦ ᠪᠠᠶᠢᠳᠠᠯ ᠢ ᠪᠤᠢ ᠪᠣᠯᠭᠠᠵᠤ᠂ ᠰᠢᠨ᠎ᠡ ᠴᠡᠷᠢᠭ ᠤᠨ ᠰᠠᠨᠠᠭ᠎ᠠ ᠠᠮᠤᠷ ᠠᠯᠪᠠ ᠬᠠᠭᠠᠬᠤ ᠳᠤ ︽ᠵᠢᠷᠦᠬᠡ ᠴᠢᠩᠭᠠᠷᠠᠭᠤᠯᠬᠤ ᠡᠮ︾ ᠨᠡᠮᠡᠷᠢᠯᠡᠵᠦ᠂ ᠴᠡᠷᠢᠭ ᠢᠶᠠᠨ ᠬᠦᠷᠢᠶᠡᠯᠡᠨ ᠭᠡᠷ ᠪᠦᠯᠢ ᠶᠢ ᠨᠢ ᠬᠠᠷᠠᠭᠠᠯᠵᠠᠬᠤ ᠤᠷᠤᠯᠳᠤᠭᠠᠨ ᠤ ᠵᠠᠮ ᠳᠡᠭᠡᠷ᠎ᠡ ᠬᠤᠷᠳᠤᠴᠠ ᠪᠠᠨ ᠤᠷᠲᠤᠳᠬᠠᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号