3 ᠰᠠᠷ᠎ᠠ ᠶᠢᠨ 17 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠳ᠋ᠢᠩ ᠺᠠᠶ ᠪᠥᠬᠦ | ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠵᠢᠴᠢ ᠡᠵᠡᠩᠨᠡᠯᠲᠡ ᠶᠢᠨ | ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠳ᠋ᠢᠩ ᠺᠠᠶ ᠨᠠᠷ ᠤᠷᠢᠳ ᠬᠤᠵᠢᠳ ᠱᠠᠩᠬᠠᠶ ᠱᠧᠨ | ᠨᠧᠩ᠂ ᠠᠲ᠋ᠧᠰ᠂ ᠰᠢᠤᠢ ᠴᠧᠨ ᠡᠨᠧᠷᠭᠢ ᠶᠢᠨ ᠰᠤᠷᠪᠤᠯᠵᠢ᠂ ᠰᠢᠶᠠᠩ ᠢᠦᠶ ᠡᠮ ᠡᠮᠨᠡᠯᠭᠡ᠂ ᠣᠨᠴᠠ ᠬᠦᠴᠦᠳᠡᠯ | ᠥᠭᠡᠷᠡᠴᠢᠯᠡᠬᠦ ᠠᠵᠤ ᠦᠢᠯᠡᠳᠪᠦᠷᠢ᠂ ᠭᠦᠸᠧ ᠰᠢᠤᠸᠠᠨ ᠳᠡᠭᠡᠳᠦ ᠰᠢᠨᠵᠢᠯᠡᠭᠡ ᠮᠡᠷᠭᠡᠵᠢᠯ ᠵᠡᠷᠭᠡ ᠲᠥᠷᠥᠯ ᠵᠦᠢᠯ ᠤᠨ | ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ᠂ | ᠢᠨᠵᠧᠨᠧᠷᠢᠩ ᠤᠨ ᠠᠬᠢᠴᠠ᠂ ᠡᠯᠧᠮᠧᠨ᠋ᠲ ᠤᠨ ᠪᠠᠲᠤᠯᠠᠭ᠎ᠠ᠂ ᠭᠠᠷ ᠤᠷᠠᠯᠠᠯ ᠤᠨ ᠶᠠᠪᠤᠴᠠ᠂ ᠵᠠᠬ᠎ᠠ ᠳᠡᠯᠭᠡᠭᠦᠷ ᠤᠨ | ᠵᠠᠬᠢᠶᠠᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ | ᠰᠠᠨᠠᠯ ᠢᠶᠠᠨ ᠭᠦᠨᠵᠡᠭᠡᠶ ᠰᠣᠯᠢᠯᠴᠠᠵᠤ᠂ ᠣᠷᠣᠰᠢᠵᠤ ᠪᠠᠶᠢᠭ᠎ᠠ ᠠᠰᠠᠭᠤᠳᠠᠯ ᠢ ᠲᠤᠬᠠᠶ ᠶᠢᠨ ᠲᠠᠯᠠᠪᠠᠶ ᠳᠤ ᠪᠣᠳᠠᠲᠠᠶ | ᠱᠠᠭᠠᠷᠳᠠᠯᠭ᠎ᠠ ᠪᠠ ᠵᠢᠯᠣᠭᠤᠳᠬᠤ ᠰᠠᠨᠠᠯ ᠳᠤᠷᠠᠳᠤᠭᠰᠠᠨ ᠪᠠᠶᠢᠨ᠎ᠠ᠃ | ᠳ᠋ᠢᠩ ᠺᠠᠶ᠂ ᠬᠠᠪᠤᠷ ᠤᠨ ᠤᠯᠠᠷᠢᠯ ᠤᠨ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ | ᠲᠥᠷᠥᠯ ᠵᠦᠢᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠵᠤ᠂ | ᠣᠷᠭᠢᠯᠤᠮ᠎ᠠ ᠬᠠᠯᠠᠭᠤᠨ ᠰᠡᠳᠬᠢᠯᠭᠡ ᠪᠠ ᠡᠷᠴᠢ ᠵᠣᠷᠢᠭ ᠢᠶᠠᠷ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ | ᠬᠤᠷᠳᠤᠴᠠ ᠪᠠᠨ ᠲᠦᠷᠭᠡᠳᠭᠡᠵᠦ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ | ᠪᠠᠲᠤ ᠪᠠᠬᠢ ᠰᠠᠭᠤᠷᠢ ᠲᠠᠯᠪᠢᠬᠤ ᠬᠡᠷᠡᠭᠲᠡᠶ᠃ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠤᠷᠢᠳᠴᠢᠯᠠᠨ ᠦᠢᠯᠡᠴᠢᠯᠡᠵᠦ᠂ | ᠲᠦᠷᠦᠯ ᠵᠦᠢᠯ ᠤᠨ ᠠᠵᠢᠯ ᠡᠬᠢᠯᠡᠬᠦ ᠪᠠ ᠠᠵᠢᠯ ᠰᠡᠷᠭᠦᠭᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ | ᠲᠥᠯᠥᠪᠵᠢᠭᠦᠯᠦᠨ ᠰᠠᠶᠢᠲᠤᠷ ᠬᠢᠵᠦ᠂ ᠠᠵᠤ ᠠᠬᠤᠶᠢᠯᠠᠯ ᠤᠨ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ | ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠡᠬᠢᠯᠡᠭᠦᠯᠵᠦ᠂ ᠡᠷᠲᠡᠬᠡᠨ ᠠᠰᠢᠭᠯᠠᠯᠲᠠ ᠳᠤ ᠣᠷᠣᠭᠤᠯᠤᠨ ᠦᠷ᠎ᠡ | ᠪᠦᠲᠦᠮᠵᠢ ᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠥᠴᠦᠬᠡᠨ | ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ | ᠴᠢᠩᠭ᠎ᠠ ᠪᠣᠳᠠᠲᠠᠢ ᠠᠳᠬᠤᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠨᠠᠷᠢᠨ ᠨᠢᠮᠪᠠᠢ | ᠪᠠᠶᠢᠴᠠᠭᠠᠨ ᠠᠷᠢᠯᠭᠠᠵᠤ᠂ ᠡᠯ᠎ᠡ ᠵᠦᠢᠯ ᠤᠨ ᠠᠮᠤᠷ ᠲᠦᠪᠰᠢᠨ ᠤ ᠠᠷᠭ᠎ᠠ ᠬᠡᠮᠵᠢᠶ᠎ᠡ ᠶᠢ ᠴᠢᠩᠭ᠎ᠠ ᠠᠴᠠ ᠴᠢᠩᠭ᠎ᠠ᠂ | ᠨᠠᠷᠢᠯᠢᠭ ᠠᠴᠠ ᠨᠠᠷᠢᠯᠢᠭ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠠᠳᠡᠯ | ᠭᠠᠷᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃ ᠲᠣᠭᠤᠷᠢᠭ ᠤᠨ ᠤᠳᠤᠷᠢᠳᠤᠯᠭ᠎ᠠ | ᠵᠠᠩ ᠴᠢᠶᠠᠩ᠂ ᠵᠤᠤ ᠵᠢᠶᠠᠨ ᠭᠠᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠂ ᠨᠢᠭᠡᠴᠢ ᠶᠢᠨ ᠬᠠᠷᠢᠭᠤᠴᠠᠯᠭᠠᠲᠠᠨ | ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | | | | | | | |