ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶᠠᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠬᠥᠯᠥᠰᠥᠨ ᠠᠵᠢᠯᠴᠢᠨ ᠤ ᠴᠠᠯᠢᠩ ᠢ ᠨᠡᠬᠡᠬᠦ ᠠᠵᠢᠯ ᠢ ᠬᠢᠵᠦ ᠪᠠᠶᠢᠨ᠎ᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 17᠎ ᠤ ᠡᠳᠦᠷ᠂ ᠬᠥᠯᠥᠰᠥᠨ ᠠᠵᠢᠯᠴᠢᠨ ᠰᠦᠨ ᠣᠪᠣᠭᠲᠤ ᠴᠢᠩᠱᠠᠨ ᠲᠣᠭᠤᠷᠢᠭ ᠤᠨ ᠣᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠥᠪ ᠲᠤ ︽ᠬᠠᠤᠯᠢ ᠴᠠᠭᠠᠵᠠ ᠶᠢᠨ ᠲᠤᠰᠠᠯᠠᠮᠵᠢ‌ᠠᠷᠠᠳ ᠤᠨ ᠲᠥᠯᠥᠭᠡ ᠡᠷᠬᠡ ᠎ ᠶᠢ ᠬᠠᠮᠠᠭᠠᠯᠠᠵᠤ ᠬᠥᠮᠦᠰ ᠤᠨ ᠰᠡᠳᠬᠢᠯ ᠢ ᠳᠤᠯᠠᠭᠠᠴᠠᠭᠤᠯᠤᠨ᠎ᠠ︾ ᠭᠡᠬᠦ ᠬᠡᠮᠡᠷᠯᠢᠭ ᠲᠤᠭ ᠬᠦᠷᠭᠡᠵᠦ᠂ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠵᠢᠴᠢ ᠳᠠᠭᠠᠭᠠᠨ ᠡᠷᠬᠢᠯᠡᠬᠦ ᠬᠠᠤᠯᠢᠴᠢ ᠳᠤ ᠴᠢᠩ ᠰᠡᠳᠬᠢᠯ ᠤᠨ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠬᠦᠷᠭᠡᠪᠡ᠃      ᠰᠦᠨ ᠣᠪᠣᠭᠲᠤ ᠴᠢᠩᠱᠠᠨ ᠲᠣᠭᠤᠷᠢᠭ ᠤᠨ ᠨᠢᠭᠡᠨ ᠵᠠᠰᠠᠵᠤ ᠴᠢᠮᠡᠭᠯᠡᠬᠦ ᠪᠠᠷᠢᠯᠭ᠎ᠠ ᠶᠢᠨ ᠲᠦᠷᠦᠯ ᠵᠦᠢᠯ ᠳᠤ ᠰᠢᠷᠭᠠᠭᠤ ᠬᠠᠲᠠᠭᠤᠵᠢᠯᠲᠠᠢ ᠠᠵᠢᠯᠯᠠᠪᠠ᠂ ᠭᠡᠪᠡᠴᠦ ᠤᠯᠬᠤ ᠶᠣᠰᠣᠲᠠᠢ ᠬᠥᠳᠡᠯᠮᠦᠷᠢ ᠶᠢᠨ ᠬᠥᠯᠥᠰᠥ ᠣᠯᠭᠤᠮᠵᠢ ᠶᠢ ᠨᠢ ᠤᠴᠢᠷ ᠰᠢᠯᠲᠠᠭᠠᠨ ᠦᠭᠡᠢ ᠪᠠᠷ ᠦᠷᠢᠲᠦᠪᠡ᠃ ᠬᠦᠴᠢᠷᠳᠡᠯ ᠳᠤ ᠤᠴᠠᠷᠠᠭᠰᠠᠨ ᠰᠦᠨ ᠣᠪᠣᠭᠲᠤ ᠬᠠᠤᠯᠢ ᠴᠠᠭᠠᠵᠠ ᠶᠢᠨ ᠲᠤᠰᠠᠯᠠᠮᠵᠢ ᠡᠷᠢᠪᠡ᠃ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠰᠦᠨ ᠣᠪᠣᠭᠲᠤ ᠶᠢᠨ ᠤᠴᠠᠷᠠᠯ ᠢ ᠮᠡᠳᠡᠭᠰᠡᠨ ᠤ ᠳᠠᠷᠠᠭ᠎ᠠ᠂ ᠬᠥᠯᠥᠰᠥᠨ ᠠᠵᠢᠯᠴᠢᠨ ᠤ ᠡᠷᠬᠡ ᠠᠰᠢᠭ ᠢᠶᠠᠨ ᠬᠠᠮᠠᠭᠠᠯᠠᠬᠤ ︽ᠰᠠᠭᠠᠳ ᠦᠭᠡᠢ ᠨᠡᠪᠲᠡᠷᠡᠬᠦ ᠵᠠᠮ︾᠎ ᠢ ᠦᠳᠲᠡᠷ ᠲᠦᠷᠭᠡᠨ ᠡᠬᠢᠯᠡᠭᠦᠯᠪᠡ᠃ ᠲᠥᠪ ᠨᠢ ᠥᠨᠳᠥᠷ ᠪᠦᠲᠦᠮᠵᠢᠲᠡᠶ᠂ ᠠᠷᠠᠳ ᠲᠤ ᠲᠥᠬᠦᠮ ᠦᠵᠡᠭᠦᠯᠬᠦ ᠵᠠᠷᠴᠢᠮ ᠢ ᠪᠠᠷᠢᠮᠲᠠᠯᠠᠵᠤ᠂ ᠲᠤᠬᠠᠶ ᠶᠢᠨ ᠡᠳᠦᠷ ᠳᠠᠷᠤᠶ ᠲᠦᠷᠭᠡᠨ ᠲᠡᠭᠦᠨ ᠤ ᠬᠠᠤᠯᠢ ᠴᠠᠭᠠᠵᠠ ᠶᠢᠨ ᠲᠤᠰᠠᠯᠠᠮᠵᠢ ᠶᠢᠨ ᠭᠤᠶᠤᠴᠢᠯᠠᠯ ᠢ ᠭᠥᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠲᠡᠷᠡ ᠳᠠᠷᠤᠶ ᠳᠤᠨᠢ ᠬᠥᠳᠡᠯᠮᠦᠷᠢ ᠶᠢᠨ ᠵᠢᠭᠤᠷᠠᠯᠳᠤᠭᠠᠨ ᠤ ᠬᠦᠷᠢᠶᠡᠨ ᠳᠤ ᠲᠤᠷᠰᠢᠯᠭ᠎ᠠ ᠪᠠᠷ ᠪᠠᠶᠠᠯᠢᠭ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ ᠨᠡᠷ᠎ᠡ ᠬᠦᠨᠳᠦᠲᠦ ᠬᠠᠤᠯᠢᠴᠢ ᠶᠢ ᠲᠣᠮᠢᠯᠠᠵᠤ ᠲᠣᠰ ᠬᠡᠷᠡᠭ ᠢ ᠳᠠᠭᠠᠭᠠᠨ ᠬᠢᠯᠭᠡᠵᠦ᠂ ᠰᠦᠨ ᠣᠪᠣᠭᠲᠤ ᠶᠢᠨ ᠬᠠᠤᠯᠢ ᠶᠣᠰᠣᠨ ᠤ ᠡᠷᠬᠡ ᠠᠰᠢᠭ ᠢ ᠪᠥᠬᠦ ᠬᠦᠴᠦᠨ ᠢᠶᠠᠷ ᠢᠶᠠᠨ ᠪᠠᠲᠤᠯᠠᠪᠠ᠃ ᠬᠠᠤᠯᠢᠴᠢ ᠳᠡᠭᠡᠳᠦ ᠬᠡᠮᠵᠢᠶ᠎ᠡ ᠪᠠᠷ ᠬᠠᠷᠢᠭᠤᠴᠠᠵᠤ᠂ ᠬᠡᠷᠡᠭ ᠤᠨ ᠨᠠᠷᠢᠨ ᠵᠦᠢᠯᠡᠰ ᠢ ᠪᠥᠬᠦ ᠲᠠᠯ᠎ᠠ ᠪᠠᠷ ᠭᠦᠨᠵᠡᠭᠡᠶ ᠡᠮᠬᠢᠯᠡᠵᠦ᠂ ᠡᠯ᠎ᠡ ᠲᠥᠷᠥᠯ ᠤᠨ ᠭᠡᠷᠡᠴᠢ ᠪᠠᠷᠢᠮᠲᠠ ᠶᠢ ᠢᠳᠡᠪᠬᠢᠲᠡᠶ ᠎ ᠪᠠᠷ ᠴᠤᠭᠯᠠᠭᠤᠯᠬᠤ ᠶᠢᠨ ᠬᠠᠮᠲᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠯᠦᠭᠡ ᠨᠢᠭᠲᠠ ᠨᠡᠪᠲᠡᠷᠡᠯᠴᠡᠬᠦ ᠶᠢ ᠪᠠᠲᠤᠯᠠᠵᠤ᠂ ᠬᠡᠷᠡᠭ ᠢ ᠰᠢᠢᠳᠪᠦᠷᠢᠯᠡᠬᠦ ᠬᠠᠤᠯᠢ ᠴᠠᠭᠠᠵᠠ ᠶᠢᠨ ᠭᠤᠭᠴᠤᠭ᠎ᠠ ᠨᠢᠭᠡᠪᠦᠷᠢ ᠳᠤ ᠴᠥᠮ ᠴᠢᠩᠭ᠎ᠠ ᠨᠢᠮᠪᠠᠶ ᠵᠢᠷᠤᠮᠵᠢᠭᠤᠨ᠂ ᠣᠨᠣᠪᠴᠢᠲᠠᠶ ᠪᠥᠭᠡᠳ ᠠᠯᠳᠠᠭ᠎ᠠ ᠪᠤᠷᠤᠭᠤ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠡᠨᠡ ᠬᠦ ᠶᠠᠪᠤᠴᠠ ᠳᠤ᠂ ᠬᠠᠤᠯᠢᠴᠢ ᠢᠮᠠᠭᠲᠠ ᠰᠦᠨ ᠣᠪᠣᠭᠲᠤ ᠲᠠᠢ ᠨᠢᠭᠲᠠ ᠬᠠᠷᠢᠯᠴᠠᠵᠤ᠂ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠲᠤᠬᠠᠢ ᠶᠢᠨ ᠬᠥᠮᠦᠨ ᠳᠤ ᠵᠠᠰᠠᠭ ᠤᠨ ᠣᠷᠳᠣᠨ ᠤ ᠬᠠᠯᠠᠮᠵᠢᠯᠠᠯ ᠪᠠ ᠪᠠᠲᠤᠯᠠᠭ᠎ᠠ ᠶᠢ ᠦᠨᠡᠨ ᠬᠦ ᠮᠡᠳᠡᠷᠡᠭᠦᠯᠪᠡ᠃ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠬᠠᠤᠯᠢᠴᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠰᠦᠨ ᠣᠪᠣᠭᠲᠤ ᠥᠷᠢᠲᠦᠵᠦ ᠪᠠᠶᠢᠭ᠎ᠠ ᠴᠠᠯᠢᠩ ᠢᠶᠠᠨ ᠪᠦᠬᠦ ᠲᠤᠭ᠎ᠠ ᠪᠠᠷ ᠨᠡᠬᠡᠮᠵᠢᠯᠡᠨ ᠠᠪᠴᠢᠷᠠᠪᠠ᠃ ᠬᠡᠷᠡᠭ ᠢ ᠲᠡᠭᠦᠰ ᠠᠮᠵᠢᠯᠲᠠ ᠲᠠᠢ ᠰᠢᠢᠳᠪᠦᠷᠢᠯᠡᠭᠰᠡᠨ ᠤ ᠳᠠᠷᠠᠭ᠎ᠠ᠂ ᠰᠦᠨ ᠣᠪᠣᠭᠲᠤ ᠲᠠᠯᠠᠷᠬᠠᠯ ᠤᠨ ᠰᠡᠳᠬᠢᠯᠭᠡ ᠪᠠᠨ ᠢᠯᠡᠳᠬᠡᠬᠦ ᠶᠢᠨ ᠲᠥᠯᠥᠭᠡ᠂ ᠲᠤᠰᠬᠠᠶᠢᠯᠠᠨ ᠬᠡᠮᠡᠷᠯᠢᠭ ᠲᠤᠭ ᠬᠦᠷᠭᠡᠵᠦ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠵᠢᠴᠢ ᠳᠠᠭᠠᠭᠠᠨ ᠡᠷᠬᠢᠯᠡᠭᠰᠡᠨ ᠬᠠᠤᠯᠢᠴᠢ ᠶᠢᠨ ᠭᠠᠷ ᠲᠤ ᠬᠦᠷᠭᠡᠪᠡ᠃      ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠴᠢᠩᠭ᠎ᠠ ᠰᠠᠨᠠᠭᠤᠯᠤᠮᠵᠢ᠄ ᠬᠥᠯᠥᠰᠥᠨ ᠠᠵᠢᠯᠴᠢᠨ ᠤ ᠴᠠᠯᠢᠩ ᠠᠪᠬᠤ᠂ ᠠᠵᠢᠯ ᠠᠴᠠ ᠪᠣᠯᠤᠭᠰᠠᠨ ᠭᠡᠮᠲᠦᠯ ᠤᠨ ᠡᠷᠬᠡ ᠠᠰᠢᠭ ᠢ ᠬᠠᠮᠠᠭᠠᠯᠠᠬᠤ ᠵᠡᠷᠭᠡ ᠬᠡᠷᠡᠭ ᠲᠤ ᠴᠢᠭᠯᠡᠭᠦᠯᠦᠨ᠂ ᠴᠥᠮ ᠠᠵᠤ ᠠᠬᠤᠢ ᠶᠢᠨ ᠬᠢᠨᠠᠨ ᠪᠠᠶᠢᠴᠠᠭᠠᠯᠲᠠ ᠶᠢ ᠬᠡᠯᠲᠦᠷᠢᠭᠦᠯᠵᠦ᠂ ᠤᠷᠢᠳᠠᠪᠡᠷ ᠬᠦᠯᠢᠶᠡᠨ ᠠᠪᠴᠤ ᠰᠢᠢᠳᠪᠦᠷᠢᠯᠡᠨ᠎ᠡ᠃ ᠬᠡᠷᠪᠡ ᠥᠷᠭᠡᠨ ᠣᠯᠠᠨ ᠬᠥᠳᠡᠯᠮᠦᠷᠢᠴᠢᠨ ᠡᠷᠬᠡ ᠠᠰᠢᠭ ᠤᠨ ᠬᠥᠨᠥᠭᠡᠯ ᠳᠤ ᠤᠴᠠᠷᠠᠪᠠᠯ᠂ ᠴᠠᠭ ᠲᠤᠬᠠᠶ ᠳᠤᠨᠢ ᠴᠢᠩᠱᠠᠨ ᠲᠣᠭᠤᠷᠢᠭ ᠤᠨ ᠬᠠᠤᠯᠢ ᠴᠠᠭᠠᠵᠠ ᠶᠢᠨ ᠲᠤᠰᠠᠯᠠᠮᠵᠢ ᠶᠢᠨ ᠲᠥᠪ ᠤᠨ ᠠᠰᠠᠭᠤᠨ ᠯᠠᠪᠯᠠᠬᠤ ᠤᠲᠠᠰᠤ 0472 — 3616048 ᠬᠠᠪᠰᠤᠷᠤᠯᠭ᠎ᠠ ᠶᠢ ᠡᠷᠢᠵᠦ ᠪᠣᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号