ᠴᠢᠩᠱᠠᠨ ᠲᠣᠭᠤᠷᠢᠭ ᠠᠷᠪᠠᠨ ᠨᠢᠭᠡᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 17᠎ ᠤ ᠡᠳᠦᠷ᠂ ᠴᠢᠩᠱᠠᠨ ᠲᠣᠭᠤᠷᠢᠭ ᠠᠷᠪᠠᠨ ᠨᠢᠭᠡᠳᠦᠭᠡᠷ ᠬᠤᠭᠤᠴᠠᠭᠠᠨ ᠤ ᠲᠤᠭᠤᠷᠢᠭ ᠤᠨ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠤᠭᠤᠷᠢᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠰᠣᠶᠣᠯᠲᠤ ᠬᠤᠷᠠᠯ ᠳᠤ ᠣᠷᠣᠯᠴᠠᠭᠰᠠᠨ ᠪᠥᠭᠡᠳ ᠲᠠᠶᠢᠴᠢᠯᠠᠯᠳᠠ ᠶᠢᠨ ᠶᠠᠷᠢᠶ᠎ᠠ ᠲᠠᠯᠪᠢᠪᠠ᠃ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠲᠣᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠪᠥᠸᠧ ᠺᠧ ᠬᠤᠷᠠᠯ ᠳᠤ ᠣᠷᠣᠯᠴᠠᠭᠰᠠᠨ ᠪᠥᠭᠡᠳ ᠲᠤᠰ ᠡᠭᠡᠯᠵᠢ ᠶᠢᠨ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠬᠤ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃ ᠲᠣᠭᠤᠷᠢᠭ ᠤᠨ ᠨᠠᠮ ᠤᠨ ᠬᠤᠷᠢᠶᠠᠨ ᠤ ᠲᠤᠭᠤᠷᠢᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠪᠠᠶᠢᠭᠤᠯᠤᠮᠵᠢ ᠶᠢᠨ ᠪᠦᠬᠦ ᠺᠠᠳ᠋ᠷ᠂ ᠲᠣᠭᠤᠷᠢᠭ ᠤᠨ ᠨᠠᠮ ᠤᠨ ᠬᠤᠷᠢᠶᠠᠨ ᠤ ᠴᠠᠭᠳᠠᠨ ᠪᠠᠶᠢᠴᠠᠭᠠᠬᠤ ᠬᠠᠮᠵᠢᠯᠴᠠᠬᠤ ᠨᠢᠭᠡᠴᠢ ᠶᠢᠨ ᠭᠤᠣᠯ ᠬᠠᠷᠢᠭᠤᠴᠠᠯᠭᠠᠲᠠᠨ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠲᠣᠮᠢᠯᠠᠨ ᠰᠠᠭᠤᠯᠭᠠᠭᠰᠠᠨ ᠲᠤᠭᠤᠷᠢᠨ ᠪᠠᠶᠢᠴᠠᠭᠠᠭᠳᠠᠬᠤ ᠨᠢᠭᠡᠴᠢ ᠶᠢᠨ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠪᠠ᠃      ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ᠂ ᠨᠠᠮ ᠤᠨ ᠬᠤᠷᠢᠳᠤᠭᠠᠷ ᠬᠤᠭᠤᠴᠠᠭᠠᠨ ᠤ ᠬᠤᠶᠠᠳᠤᠭᠠᠷ ᠪᠦᠬᠦᠳᠡ ᠬᠤᠷᠠᠯ᠂ ᠭᠤᠷᠪᠠᠳᠤᠭᠠᠷ ᠪᠦᠬᠦᠳᠡ ᠬᠤᠷᠠᠯ᠂ ᠬᠤᠷᠢᠳᠤᠭᠠᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠳᠥᠷᠪᠡᠳᠦᠭᠡᠷ ᠪᠦᠬᠦᠳᠡ ᠬᠤᠷᠠᠯ ᠪᠣᠯᠤᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠲᠦᠷᠢᠮ︾᠎ ᠤᠨ ᠵᠣᠷᠢᠭ ᠰᠠᠨᠠᠭ᠎ᠠ ᠶᠢ ᠲᠣᠭᠤᠷᠢᠨ ᠪᠠᠶᠢᠴᠠᠭᠠᠬᠤ ᠶᠢ ᠨᠠᠮ ᠪᠣᠯᠤᠨ ᠤᠯᠤᠰ ᠤᠨ ᠠᠵᠢᠯ ᠦᠢᠯᠡᠰ ᠤᠨ ᠪᠦᠬᠦ ᠲᠠᠯ᠎ᠠ ᠪᠣᠯᠤᠨ ᠪᠦᠬᠦ  ᠲᠤᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠲᠠᠯᠪᠢᠨ ᠲᠥᠯᠥᠪᠵᠢᠭᠦᠯᠦᠨ ᠪᠠᠶᠢᠷᠢᠯᠠᠭᠤᠯᠵᠤ ᠠᠬᠢᠭᠤᠯᠬᠤ ᠶᠢ ᠪᠠᠷᠢᠮᠲᠠᠯᠠᠵᠤ᠂ ᠴᠢᠨᠠᠷ ᠰᠠᠶᠢᠲᠠᠢ ᠬᠥᠭᠵᠢᠯᠲᠡ ᠶᠢ ᠨᠡᠩ ᠣᠨᠣᠪᠴᠢᠲᠠᠢ ᠢᠯᠡᠷᠡᠭᠦᠯᠬᠦ ᠶᠢ ᠬᠦᠴᠦᠯᠡᠨ ᠠᠬᠢᠭᠤᠯᠵᠤ᠂ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠪᠠ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠵᠡᠷᠭᠡ ᠲᠠᠯ᠎ᠠ ᠶᠢᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠰᠢᠭᠤᠳ ᠤᠳᠤᠷᠢᠳᠬᠤ ᠠᠰᠠᠭᠤᠳᠠᠯ ᠤᠨ ᠰᠦᠪᠡᠭᠴᠢ ᠶᠢ ᠰᠢᠭᠤᠳ ᠤᠳᠤᠷᠢᠳᠴᠤ᠂ ᠪᠠᠶᠢᠴᠠᠭᠠᠵᠤ ᠪᠣᠯᠬᠤ ᠴᠢᠨᠠᠷ ᠢᠶᠠᠷ ᠴᠢᠩᠭ᠎ᠠ᠂ ᠤᠯᠠᠨ ᠲᠦᠮᠡᠨ ᠤ ᠲᠤᠰᠬᠠᠯ ᠲᠥᠪᠯᠡᠷᠡᠭᠰᠡᠨ ᠠᠰᠠᠭᠤᠳᠠᠯ ᠤᠨ ᠰᠦᠪᠡᠭᠴᠢ ᠶᠢ ᠲᠣᠭᠤᠷᠢᠨ ᠪᠠᠶᠢᠴᠠᠭᠠᠬᠤ ᠶᠢᠨ ᠳᠠᠭᠠᠤ ᠰᠢᠯᠵᠢᠭᠦᠯᠦᠨ ᠪᠠᠶᠢᠴᠠᠭᠠᠵᠤ᠂ ᠴᠠᠭ ᠲᠤᠬᠠᠢ ᠳᠤᠨᠢ ᠰᠦᠷᠳᠡᠭᠦᠯᠬᠦ ᠬᠡᠷᠡᠭᠲᠡᠢ᠃ ᠰᠦᠪᠡᠭᠴᠢ ᠶᠢᠨ ᠢᠷᠡᠯᠲᠡ ᠶᠢ ᠭᠦᠨᠵᠡᠭᠡᠢ ᠠᠭᠤᠳᠠᠯᠵᠤ ︽ᠳᠤᠭᠤᠶᠢᠯᠠᠩ ᠤᠨ ᠳᠠᠷᠤᠭ᠎ᠠ ᠶᠢᠨ ᠢᠨᠵᠧᠨᠧᠷᠢᠩ︾ ᠪᠣᠯᠭᠠᠵᠤ᠂ ᠠᠰᠠᠭᠤᠳᠠᠯ ᠤᠨ ᠰᠦᠪᠡᠭᠴᠢ ᠶᠢ ᠭᠦᠨᠵᠡᠭᠡᠢ ᠣᠨᠣᠪᠴᠢᠲᠠᠢ ᠡᠷᠢᠵᠦ ᠪᠣᠳᠠᠲᠠᠢ ᠡᠷᠢᠵᠦ᠂ ᠲᠣᠭᠤᠷᠢᠨ ᠪᠠᠶᠢᠴᠠᠭᠠᠭᠰᠠᠨ ᠮᠡᠳᠡᠭᠦᠯᠦᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠰᠦᠪᠡᠭᠴᠢ ᠶᠢᠨ ᠲᠤᠭ᠎ᠠ ᠬᠡᠮᠵᠢᠶ᠎ᠡ ᠪᠣᠯᠤᠨ ᠠᠰᠠᠭᠤᠳᠠᠯ ᠤᠨ ᠶᠠᠰᠤ ᠴᠢᠨᠠᠷ ᠤᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠵᠤ᠂ ᠲᠣᠭᠤᠷᠢᠨ ᠪᠠᠶᠢᠴᠠᠭᠠᠬᠤ ᠤᠯᠤᠰ ᠲᠦᠷᠦ ᠶᠢᠨ ᠦᠷ᠎ᠡ ᠪᠦᠲᠦᠮᠵᠢ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠦᠷ᠎ᠡ ᠪᠦᠲᠦᠮᠵᠢ ᠪᠣᠯᠤᠨ ᠨᠡᠶᠢᠭᠡᠮ ᠤᠨ ᠦᠷ᠎ᠡ ᠪᠦᠲᠦᠮᠵᠢ ᠶᠢ ᠣᠷᠭᠠᠨᠢᠭ ᠢᠶᠠᠷ ᠨᠢᠭᠡᠳᠬᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠭᠰᠠᠨ ᠪᠠᠶᠢᠨ᠎ᠠ᠃      ᠬᠤᠷᠠᠯ ᠠᠴᠠ᠂ ᠡᠯ᠎ᠡ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠰᠢᠵᠢᠮ ᠪᠣᠯᠭᠠᠵᠤ᠂ ︽ᠬᠤᠶᠠᠷ ᠢ ᠬᠠᠮᠠᠭᠠᠯᠠᠬᠤ︾᠎ ᠶᠢ ᠦᠨᠳᠦᠰᠦᠨ ᠡᠭᠦᠷᠭᠡ ᠪᠣᠯᠭᠠᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠳᠤ ᠤᠯᠤᠰ ᠲᠦᠷᠦ ᠶᠢᠨ ᠬᠢᠨᠠᠯᠲᠠ ᠲᠠᠯᠪᠢᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠤᠪᠤᠶᠢᠯᠭᠠᠵᠤ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠲᠤᠰ ᠡᠭᠡᠯᠵᠢ ᠶᠢᠨ ᠲᠣᠭᠤᠷᠢᠨ ᠪᠠᠶᠢᠴᠠᠭᠠᠬᠤ ᠡᠲᠡᠭᠡᠳ ᠤᠨ ᠭᠤᠣᠯ ᠡᠭᠦᠷᠭᠡ ᠴᠢᠳᠠᠪᠬᠢ ᠲᠠᠢ ᠬᠠᠷᠢᠴᠠᠭᠤᠯᠵᠤ᠂ ︽ᠨᠢᠭᠡᠳᠦᠭᠡᠷ ᠬᠠᠷᠢᠭᠤᠴᠠᠯᠭᠠᠲᠠᠨ︾ ᠪᠣᠯᠤᠨ ᠤᠳᠤᠷᠢᠳᠬᠤ ᠪᠠᠭ ᠢ ᠴᠢᠩᠭ᠎ᠠ ᠠᠩᠬᠠᠷᠴᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ᠂ ᠨᠢᠭᠤᠴᠠ ᠶᠢ ᠬᠠᠮᠠᠭᠠᠯᠠᠬᠤ ᠠᠵᠢᠯ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠥᠭᠵᠢᠯᠲᠡ᠂ ᠬᠠᠩᠭᠠᠨ ᠪᠣᠷᠣᠯᠠᠭᠤᠯᠬᠤ ᠬᠤᠷᠰᠢᠶ᠎ᠠ᠂ ︽ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ︾᠎ ᠤ ᠠᠵᠢᠯ ᠪᠣᠯᠤᠨ ᠦᠨᠳᠦᠰᠦᠨ ᠱᠠᠲᠤᠨ ᠤ ᠵᠠᠰᠠᠯᠲᠠ ᠵᠡᠷᠭᠡ ᠲᠠᠯ᠎ᠠ ᠶᠢᠨ ᠴᠢᠬᠤᠯᠠ ᠥᠭᠦᠯᠡᠯᠲᠡ ᠪᠣᠯᠤᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠲᠤᠭᠤᠷᠢᠭ ᠤᠨ ᠨᠠᠮ ᠤᠨ ᠬᠤᠷᠢᠶᠠᠨ ᠤ ᠨᠠᠮ ᠤᠨ ᠤᠳᠤᠷᠢᠳᠤᠯᠭ᠎ᠠ ᠶᠢ ᠪᠦᠬᠦ ᠲᠠᠯ᠎ᠠ ᠪᠠᠷ ᠴᠢᠩᠭᠠᠳᠬᠠᠬᠤ᠂ ᠤᠯᠤᠰ ᠲᠦᠷᠦ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠤᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠶᠢᠷᠡᠭᠦᠯᠬᠦ᠂ ᠦᠨᠳᠦᠰᠦᠨ ᠱᠠᠲᠤᠨ ᠤ ᠰᠠᠭᠤᠷᠢ ᠶᠢ ᠪᠠᠬᠢᠵᠢᠭᠦᠯᠬᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠬᠢᠵᠦ ᠲᠠᠬᠢᠨ ᠵᠣᠬᠢᠶᠠᠨ ᠪᠠᠶᠢᠭᠤᠯᠬᠤ ᠪᠠ ᠴᠢᠨᠠᠷ ᠰᠠᠶᠢᠲᠠᠢ ᠬᠥᠭᠵᠢᠭᠦᠯᠬᠦ ᠵᠡᠷᠭᠡ ᠲᠠᠯ᠎ᠠ ᠶᠢᠨ ᠴᠢᠬᠤᠯᠠ ᠲᠤᠬᠢᠷᠠᠭᠤᠯᠤᠯᠳᠠ ᠪᠠᠶᠢᠷᠢᠯᠠᠭᠤᠯᠤᠯᠲᠠ ᠶᠢᠨ ᠪᠠᠶᠢᠳᠠᠯ ᠳᠤ ᠢᠯᠡᠷᠡᠭᠦᠯᠦᠭᠰᠡᠨ ᠠᠰᠠᠭᠤᠳᠠᠯ ᠲᠠᠢ ᠨᠢᠭᠲᠠ ᠤᠶᠠᠯᠳᠤᠭᠤᠯᠵᠤ᠂ ᠲᠣᠭᠤᠷᠢᠨ ᠪᠠᠶᠢᠴᠠᠭᠠᠭᠳᠠᠵᠤ ᠪᠠᠶᠢᠭ᠎ᠠ ᠨᠠᠮ ᠤᠨ ᠵᠣᠬᠢᠶᠠᠨ ᠪᠠᠶᠢᠭᠤᠯᠤᠯᠲᠠ ᠶᠢᠨ ᠡᠷᠬᠡ ᠶᠢᠨ ᠠᠵᠢᠯᠯᠠᠭᠠᠨ ᠢ ᠵᠢᠷᠤᠮᠵᠢᠭᠤᠯᠬᠤ᠂ ᠲᠦᠷᠢᠮ ᠤᠨ ᠳᠤᠲᠠᠭᠳᠠᠯ ᠢ ᠨᠥᠬᠦᠪᠥᠷᠢᠯᠡᠬᠦ ᠶᠢ ᠱᠠᠯᠠᠪᠳᠠᠭᠤᠯᠵᠤ᠂ ᠬᠠᠮᠢᠶ᠎ᠠ ᠪᠦᠬᠦᠢ ᠡᠭᠦᠷᠭᠡ ᠴᠢᠳᠠᠪᠬᠢᠳᠦ ᠰᠠᠯᠠᠭ᠎ᠠ ᠮᠥᠴᠢᠷ ᠤᠨ ᠰᠢᠰᠲ᠋ᠧᠮ ᠲᠠᠢ ᠲᠦᠷᠦ ᠶᠢᠨ ᠪᠤᠳᠤᠯᠭ᠎ᠠ ᠬᠡᠷᠡᠭᠵᠢᠭᠦᠯᠬᠦ᠂ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ︽ᠥᠭᠡᠷᠡᠴᠢᠯᠡᠯᠲᠡ ᠶᠢ ᠠᠬᠢᠭᠤᠯᠬᠤ᠂ ᠬᠥᠭᠵᠢᠯᠲᠡ ᠶᠢ ᠠᠬᠢᠭᠤᠯᠬᠤ︾ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠨ ᠭᠠᠷᠭᠠᠭᠰᠠᠨ ᠪᠠᠶᠢᠨ᠎ᠠ᠃       ᠲᠤᠭᠤᠷᠢᠭ ᠤᠨ ᠨᠠᠮ ᠤᠨ ᠬᠤᠷᠢᠶᠠᠨ ᠤ ᠲᠣᠭᠤᠷᠢᠨ ᠪᠠᠶᠢᠴᠠᠭᠠᠬᠤ ᠠᠵᠢᠯ ᠤᠨ ᠶᠡᠷᠦᠩᠬᠡᠶ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠲᠣᠰ ᠡᠭᠡᠯᠵᠢ ᠳᠤ 4 ᠲᠣᠭᠤᠷᠢᠨ ᠪᠠᠶᠢᠴᠠᠭᠠᠬᠤ ᠳᠤᠭᠤᠶᠢᠯᠠᠩ ᠲᠣᠮᠢᠯᠠᠵᠤ᠂ ᠲᠤᠭᠤᠷᠢᠭ ᠤᠨ ᠨᠠᠮ ᠤᠨ ᠬᠤᠷᠢᠶᠠᠨ ᠤ ᠠᠯᠪᠠᠨ ᠬᠡᠷ᠂ ᠲᠤᠭᠤᠷᠢᠭ ᠤᠨ ᠵᠠᠰᠠᠭ ᠤᠨ ᠣᠷᠳᠣᠨ ᠤ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠵᠥᠪᠯᠡᠯ ᠵᠡᠷᠭᠡ 15 ᠰᠠᠯᠠᠭ᠎ᠠ ᠮᠥᠴᠢᠷ ᠨᠢᠭᠡᠴᠢ ᠶᠢᠨ ᠨᠠᠮ ᠤᠨ ᠵᠣᠬᠢᠶᠠᠨ ᠪᠠᠶᠢᠭᠤᠯᠤᠯᠲᠠ ᠳᠤ ᠪᠠᠶᠢᠩᠭᠤ ᠶᠢᠨ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ᠃ ᠴᠠᠭᠳᠠᠨ ᠪᠠᠶᠢᠴᠠᠭᠠᠬᠤ ᠴᠠᠭ ᠨᠢ 3 ᠰᠠᠷ᠎ᠠ ᠣᠷᠴᠢᠮ ᠪᠠᠶᠢᠳᠠᠭ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号