ᠥᠪᠥᠷ ᠮᠣᠩᠭᠤᠯ ᠤᠨ ᠰᠢᠤᠢ ᠴᠧᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠡᠷᠡᠨ ᠡᠨᠧᠷᠭᠢ ᠶᠢᠨ ᠬᠡᠷᠡᠯ ᠢᠯᠴᠢ ᠶᠢᠨ ᠰᠢᠰᠲ᠋ᠧᠮ ᠤᠨ ᠣᠶᠤᠨᠴᠢᠯᠠᠭᠰᠠᠨ ᠲᠣᠨᠤᠭ ᠲᠥᠬᠦᠭᠡᠷᠦᠮᠵᠢ ᠶᠢᠨ ᠨᠢᠭᠡᠳᠬᠡᠨ ᠦᠢᠯᠡᠳᠬᠦ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠪᠡ
ᠨᠡᠶᠢᠲᠡᠯᠡᠭᠰᠡᠨ ᠴᠠᠭ᠄
2025/3/19
      3 ᠰᠠᠷ᠎ᠠ ᠶᠢᠨ 17 ᠤ ᠡᠳᠦᠷ᠂ ᠥᠪᠥᠷ ᠮᠣᠩᠭᠤᠯ ᠤᠨ ᠰᠢᠤᠢ ᠴᠧᠨ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠨᠡᠷᠡᠨ ᠡᠨᠧᠷᠭᠢ ᠶᠢᠨ ᠬᠡᠷᠡᠯ ᠢᠯᠴᠢ ᠶᠢᠨ ᠰᠢᠰᠲ᠋ᠧᠮ ᠤᠨ ᠣᠶᠤᠨᠴᠢᠯᠠᠭᠰᠠᠨ ᠲᠣᠨᠤᠭ ᠲᠥᠬᠦᠭᠡᠷᠦᠮᠵᠢ ᠶᠢ ᠨᠢᠭᠡᠳᠬᠡᠨ ᠦᠢᠯᠡᠳᠬᠦ ᠲᠥᠷᠥᠯ ᠵᠦᠢᠯ ᠵᠢᠩᠬᠢᠨᠢ ᠪᠠᠷ ᠠᠵᠢᠯ ᠡᠬᠢᠯᠡᠭᠦᠯᠪᠡ᠃ ᠲᠣᠰ ᠲᠥᠷᠥᠯ ᠵᠦᠢᠯ ᠨᠢ ᠪᠤᠭᠤᠲᠤ ᠬᠤᠲᠠ ᠶᠢᠨ ᠴᠢᠩᠱᠠᠨ ᠲᠣᠭᠤᠷᠢᠭ ᠤᠨ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠰᠢᠨ᠎ᠡ ᠲᠥᠯᠥᠪᠵᠢᠭᠦᠯᠭᠡ ᠶᠢᠨ ᠲᠣᠭᠤᠷᠢᠭ ᠲᠤ ᠪᠠᠶᠢᠷᠢᠯᠠᠵᠤ᠂ ᠨᠡᠶᠢᠲᠡ 2.2 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 83 ᠮᠥ ᠲᠠᠯᠠᠪᠠᠶ ᠡᠵᠡᠯᠡᠵᠦ᠂ ᠶᠡᠷᠦᠩᠬᠡᠶ ᠪᠠᠷᠢᠯᠭ᠎ᠠ ᠶᠢᠨ ᠲᠠᠯᠠᠪᠠᠶ ᠨᠢ 3.1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠦᠢᠯᠡᠳᠪᠦᠷᠢ ᠶᠢᠨ ᠬᠡᠷ ᠪᠠᠶᠢᠰᠢᠩ ᠨᠢ ᠪᠠᠷᠤᠭ 2.1 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ 8500 ᠲᠡᠭᠰᠢ ᠳᠥᠷᠪᠡᠯᠵᠢᠨ ᠮᠧᠲᠷ ᠬᠡᠷ ᠪᠠᠶᠢᠰᠢᠩ᠂ ᠪᠠᠶᠢᠷᠢ ᠶᠢᠨ ᠠᠰᠠᠷ ᠵᠢᠴᠢ ᠬᠤᠭᠤᠯᠠᠨ ᠬᠡᠷ 1500 ᠲᠡᠭᠰᠢ ᠳᠥᠷᠪᠡᠯᠵᠢᠨ ᠮᠧᠲᠷ᠂ ᠡᠭᠦᠳᠡᠨ ᠭᠡᠷ᠂ ᠵᠠᠮ ᠤᠨ ᠠᠭᠤᠳᠠᠮ ᠲᠠᠯᠠᠪᠠᠶ ︵ᠲᠡᠷᠭᠡᠨ ᠵᠣᠭᠰᠣᠭᠠᠯ ᠢ ᠪᠠᠭᠲᠠᠭᠠᠨ᠎ᠠ︶᠂ ᠨᠣᠭᠤᠭᠠᠷᠠᠭᠤᠯᠤᠯᠲᠠ᠂ ᠤᠰᠤ᠂ ᠴᠠᠬᠢᠯᠭᠠᠨ᠂ ᠳᠤᠯᠠᠭᠠᠯᠠᠭ᠎ᠠ᠂ ᠴᠢᠮᠡᠭᠡ ᠬᠤᠯᠪᠣᠭ᠎ᠠ᠂ ᠰᠦᠯᠵᠢᠶᠡᠨ ᠤ ᠪᠡᠯᠡᠳᠬᠡᠮᠵᠢ ᠵᠡᠷᠭᠡ ᠶᠢ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ ᠡᠭᠦᠨ ᠤ ᠬᠠᠮᠲᠤ ᠴᠠᠬᠢᠯᠭᠠᠨ ᠤ ᠰᠢᠭᠤᠳ ᠨᠡᠪᠲᠡᠷᠡᠬᠦ ᠮᠠᠶ᠋ᠢᠭ ᠤᠨ ᠴᠡᠪᠡᠷ ᠬᠤᠭᠤᠰᠣᠨ ᠤ ᠬᠤᠷᠠᠮᠠᠯ ᠬᠤᠭᠤᠯᠠᠶ ᠶᠢᠨ ᠤᠶᠤᠨᠲᠤ ᠦᠢᠯᠡᠳᠪᠦᠷᠢᠯᠡᠯ ᠤᠨ ᠱᠤᠭᠤᠮ 2 ᠢ ᠪᠠᠶᠢᠭᠤᠯᠪᠠ︔ AI ᠤᠶᠤᠨᠲᠤ ᠵᠠᠭᠪᠤᠷᠴᠢᠯᠠᠭᠰᠠᠨ ᠢᠯᠴᠢ ᠶᠢᠨ ᠬᠤᠷᠠᠮᠳᠤᠯ ᠦᠢᠯᠡᠳᠪᠦᠷᠢᠯᠡᠯ ᠤᠨ ᠱᠤᠭᠤᠮ 2 ᠢᠵᠢ᠂ ᠵᠢᠯ ᠳᠤ 2 ᠲᠦᠮᠡᠨ ᠪᠦᠯᠦᠭ ᠢᠯᠴᠢ ᠶᠢᠨ ᠬᠤᠷᠢᠶᠠᠭᠤᠷ ᠤᠨ ᠪᠦᠲᠦᠴᠡ ᠶᠢᠨ ᠰᠢᠰᠲ᠋ᠧᠮ ᠢ ᠪᠠᠶᠢᠭᠤᠯᠤᠨ᠎ᠠ᠃ ᠳᠣᠰ ᠦᠢᠯᠡᠳᠪᠦᠷᠢᠯᠡᠯ ᠤᠨ ᠱᠣᠭᠤᠮ ᠪᠣᠯ ᠪᠦᠷ ᠨᠠᠷᠠᠨ ᠡᠨᠧᠷᠬᠢ ᠶᠢᠨ ᠢᠯᠴᠢ ᠬᠤᠷᠠᠮᠳᠣᠭᠤᠯᠬᠤ ᠬᠤᠭᠤᠯᠠᠢ ᠶᠢᠨ ᠦᠨᠳᠦᠷ ᠪᠦᠳᠦᠮᠵᠢᠳᠣ ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠣᠭᠤᠮ ᠪᠣᠯᠣᠨ᠎ᠠ᠂ ᠨᠠᠷᠠᠨ ᠡᠨᠧᠷᠬᠢ ᠶᠢᠨ ᠬᠡᠷᠡᠯ ᠤᠨ ᠢᠯᠴᠢ ᠶᠢᠨ ᠰᠢᠰᠲ᠋ᠧᠮ ᠳᠤ ᠬᠡᠷᠡᠭᠰᠡᠬᠦ ᠪᠦᠷᠢᠨ ᠳᠦᠬᠦᠷ ᠳᠣᠨᠤᠭ ᠳᠦᠬᠦᠭᠡᠷᠦᠮᠵᠢ ᠬᠠᠩᠭᠠᠵᠣ᠂ ᠳᠦᠷᠦᠯ ᠵᠦᠢᠯ ᠪᠠᠶᠢᠭᠤᠯᠣᠭᠳᠠᠭᠰᠠᠨ ᠤ ᠰᠡᠭᠦᠯᠡᠷ᠂ ᠳᠣᠮᠳᠠᠳᠣ ᠣᠯᠣᠰ ᠤᠨ ᠨᠠᠷᠠᠨ ᠡᠨᠧᠷᠬᠢ ᠶᠢᠨ ᠬᠡᠷᠡᠯ ᠤᠨ ᠢᠯᠴᠢ ᠶᠢᠨ ᠬᠦᠷᠢᠶᠡᠨ ᠤ ᠴᠣᠷ ᠤᠨ ᠭᠠᠭᠴᠠ ᠪᠡᠶ᠎ᠡ ᠪᠠᠨ ᠲᠠᠭᠠᠭᠠᠭᠰᠠᠨ ᠰᠢᠰᠲ᠋ᠧᠮ ᠢ ᠬᠤᠷᠠᠮᠳᠣᠭᠤᠯᠬᠤ᠂ ᠰᠣᠳᠣᠯᠣᠨ ᠨᠡᠬᠡᠬᠡᠬᠦ᠂ ᠪᠦᠳᠦᠭᠡᠨ ᠪᠠᠶᠢᠭᠤᠯᠬᠤ᠂ ᠡᠵᠡᠩᠨᠡᠬᠦ ᠶᠡᠷᠦᠩᠬᠡᠶᠢᠯᠡᠭᠰᠡᠨ ᠦᠢᠯᠡᠴᠢᠯᠡᠬᠡᠨ ᠤ ᠬᠤᠳᠠᠯᠳᠣᠭᠠᠴᠢᠨ ᠪᠣᠯᠣᠨ᠎ᠠ᠃ ᠣᠳᠣᠬᠠᠨ ᠳᠤ᠂ ᠲᠥᠷᠥᠯ ᠵᠦᠢᠯ ᠢ ᠶᠠᠭ ᠪᠣᠯᠣᠳ ᠪᠦᠲᠦᠴᠡ ᠶᠢ ᠤᠭᠰᠠᠷᠠᠵᠤ ᠪᠠᠶᠢᠨ᠎ᠠ᠂ ᠵᠢᠱᠢᠯᠲᠡ ᠪᠠᠷ 2025 ᠣᠨ ᠤ ᠡᠴᠦᠰ ᠲᠤ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠤᠨ᠎ᠠ᠃ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠵᠢᠱᠢᠯᠲᠡ ᠪᠠᠷ ᠵᠢᠯ ᠳᠤ 20 ᠲᠦᠮᠡᠨ ᠰᠢᠷᠬᠡᠭᠲᠦ ᠰᠢᠭᠤᠳ ᠨᠡᠪᠲᠡᠷᠡᠬᠦ ᠬᠡᠯᠪᠡᠷᠢ ᠶᠢᠨ ᠴᠡᠪᠡᠷ ᠬᠤᠭᠤᠰᠣᠨ ᠢᠯᠴᠢ ᠴᠤᠭᠯᠠᠭᠤᠯᠬᠤ ᠬᠤᠭᠤᠯᠠᠶ ᠦᠢᠯᠡᠳᠪᠦᠷᠢᠯᠡᠵᠦ᠂ ᠵᠢᠯ ᠤᠨ ᠦᠢᠯᠡᠳᠬᠦᠨ ᠤ ᠥᠷᠲᠡᠭ ᠨᠢ 5 ᠳ᠋ᠦᠩᠰᠢᠭᠤᠷ ᠲᠥᠭᠦᠷᠢᠭ᠂ ᠠᠰᠢᠭ ᠭᠠᠶᠢᠯᠢ ᠨᠢ 3300 ᠲᠦᠮᠡᠨ ᠲᠥᠭᠦᠷᠢᠭ᠂ 150 ᠭᠠᠷᠤᠶ ᠬᠥᠮᠦᠨ ᠳᠤ ᠰᠢᠨ᠎ᠡ ᠪᠠᠷ ᠠᠵᠢᠯ ᠣᠯᠭᠤᠬᠤ ᠪᠣᠯᠤᠨ᠎ᠠ᠃ ᠳᠠᠷᠠᠭᠠᠴᠢ ᠶᠢᠨ ᠠᠯᠬᠤᠮ ᠳᠤ᠂ ᠴᠢᠩᠱᠠᠨ ᠲᠣᠭᠤᠷᠢᠭ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠠᠵᠤ ᠠᠬᠤᠶᠢᠯᠠᠯ ᠤᠨ ᠬᠡᠷᠡᠭᠴᠡᠭᠡ ᠶᠢ ᠣᠶᠢᠯᠠᠭᠠᠵᠤ᠂ ᠠᠵᠤ ᠠᠬᠤᠶᠢᠯᠠᠯ ᠤᠨ ᠲᠦᠭᠵᠢᠷᠡᠯ᠂ ᠬᠦᠴᠢᠷᠳᠡᠯ᠂ ᠬᠤᠷᠢᠭ᠎ᠠ ᠴᠡᠭ ᠤᠨ ᠠᠰᠠᠭᠤᠳᠠᠯ ᠢ ᠰᠢᠢᠳᠪᠦᠷᠢᠯᠡᠵᠦ᠂ ᠪᠦᠬᠦ ᠬᠤᠳᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦ ᠨᠡᠮᠡᠷᠢᠯᠡᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号