ᠴᠢᠩᠱᠠᠨ ᠲᠣᠭᠤᠷᠢᠭ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ᠤᠨ ᠠᠷᠠᠳ ᠤᠨ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠵᠥᠪᠯᠡᠯ ᠢ ᠪᠠᠶᠢᠭᠤᠯᠪᠠ
ᠨᠡᠶᠢᠲᠡᠯᠡᠭᠰᠡᠨ ᠴᠠᠭ᠄
2025/3/20
      ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠬᠠᠤᠯᠢ ᠶᠢᠨ ᠪᠢᠴᠢᠭ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠤᠨ ᠡᠶᠡᠳᠡᠭᠦᠯᠭᠡ ᠶᠢᠨ ᠬᠠᠤᠯᠢ︾ ᠵᠢᠴᠢ ᠬᠠᠤᠯᠢ ᠴᠠᠭᠠᠵᠠ ᠶᠢᠨ ᠶᠠᠮᠤᠨ ᠤ ︽ᠠᠵᠢᠯ ᠲᠥᠷᠥᠯ ᠤᠨ ᠴᠢᠨᠠᠷᠲᠠᠶ᠂ ᠲᠤᠰᠬᠠᠶ ᠮᠡᠷᠭᠡᠵᠢᠯ ᠤᠨ ᠴᠢᠨᠠᠷᠲᠠᠶ ᠠᠷᠠᠳ ᠤᠨ ᠡᠶᠡᠳᠡᠭᠦᠯᠭᠡ ᠶᠢᠨ ᠵᠥᠪᠯᠡᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠰᠠᠨᠠᠯ︾᠎ ᠤᠨ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠦᠷᠢᠵᠢᠭᠤᠯᠵᠦ᠂ ᠵᠢᠭᠤᠷᠠᠯᠳᠤᠭᠠᠨ ᠢ ᠰᠢᠢᠳᠪᠦᠷᠢᠯᠡᠬᠦ ᠣᠯᠠᠨ ᠡᠰᠢᠵᠢᠭᠰᠡᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠦᠯᠦᠭᠡ᠂ ᠣᠶᠢᠷ᠎ᠠ ᠳᠤ᠂ ᠴᠢᠩᠱᠠᠨ ᠲᠣᠭᠤᠷᠢᠭ ᠪᠤᠭᠤᠲᠤ ᠬᠤᠲᠠ ᠶᠢᠨ ᠬᠤᠩ ᠵᠢᠶᠠᠨ ᠠᠯᠪᠠᠨ ᠭᠡᠷᠡᠴᠢᠯᠡᠭᠡ ᠶᠢᠨ ᠭᠠᠵᠠᠷ ᠤᠨ ᠢᠷᠭᠡᠨ ᠤ ᠪᠠ ᠬᠤᠳᠠᠯᠳᠤᠭᠠᠨ ᠤ ᠶᠠᠪᠤᠳᠠᠯ ᠤᠨ ᠵᠢᠭᠤᠷᠠᠯᠳᠤᠭᠠᠨ ᠢ ᠡᠶᠡᠳᠡᠭᠦᠯᠬᠦ ᠵᠥᠪᠯᠡᠯ ᠢ ᠪᠠᠶᠢᠭᠤᠯᠪᠠ᠃      ᠰᠢᠨ᠎ᠡ ᠪᠠᠷ ᠪᠠᠶᠢᠭᠤᠯᠤᠭᠳᠠᠭᠰᠠᠨ ᠠᠷᠠᠳ ᠤᠨ ᠡᠶᠡᠳᠡᠭᠦᠯᠬᠦ ᠵᠦᠪᠯᠡᠯ ᠨᠢ ᠠᠯᠪᠠᠨ ᠭᠡᠷᠡᠴᠢᠯᠡᠭᠡ ᠶᠢᠨ ᠭᠠᠵᠠᠷ ᠤᠨ ᠡᠷᠬᠢᠯᠡᠭᠴᠢ᠂ ᠱᠦᠵᠢ ᠵᠢᠴᠢ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠢᠶᠠᠷ ᠪᠦᠷᠢᠯᠳᠦᠵᠦ᠂ ᠣᠷᠤᠭ ᠭᠡᠷ ᠪᠦᠯᠢ᠂ ᠥᠪ ᠵᠠᠯᠭᠠᠮᠵᠢᠯᠠᠬᠤ ᠵᠡᠷᠭᠡ ᠠᠷᠠᠳ ᠤᠨ ᠠᠮᠢᠳᠤᠷᠠᠯ ᠳᠤ ᠬᠤᠯᠪᠣᠭᠳᠠᠬᠤ ᠵᠢᠭᠤᠷᠠᠯᠳᠤᠭᠠᠨ ᠢ ᠭᠤᠣᠯᠳᠠᠯᠭ᠎ᠠ ᠲᠠᠢ ᠡᠶᠡᠳᠡᠭᠦᠯᠬᠦ ᠴᠢᠭᠯᠡᠯ ᠪᠣᠯᠭᠠᠨ᠂ ︽ᠰᠠᠶᠢᠨ ᠳᠤᠷ᠎ᠠ ᠶᠢᠨ᠂ ᠬᠠᠤᠯᠢ ᠶᠣᠰᠣᠨ ᠤ᠂ ᠲᠥᠪ ᠭᠤᠣᠯᠴᠢ᠂ ᠨᠢᠭᠤᠴᠠ ᠶᠢ ᠬᠠᠮᠠᠭᠠᠯᠠᠬᠤ︾ ᠵᠠᠷᠴᠢᠮ ᠢ ᠵᠢᠷᠤᠮᠯᠠᠵᠤ᠂ ᠡᠶᠡᠳᠡᠭᠦᠯᠬᠦ ᠠᠷᠭ᠎ᠠ ᠮᠠᠶ᠋ᠢᠭ ᠢᠶᠠᠷ ᠳᠠᠮᠵᠢᠵᠤ᠂ ᠡᠷᠬᠡ ᠲᠡᠭᠰᠢ ᠪᠠᠷ ᠵᠥᠪᠳᠡᠯᠴᠡᠬᠦ᠂ ᠬᠠᠷᠢᠯᠴᠠᠨ ᠣᠶᠢᠯᠠᠭᠠᠯᠴᠠᠨ ᠬᠠᠷᠢᠯᠴᠠᠨ ᠨᠠᠶᠢᠷ ᠲᠠᠯᠪᠢᠬᠤ᠂ ᠵᠠᠷᠭᠤ ᠶᠢᠨ ᠥᠪᠡᠷ ᠤᠨ ᠥᠷᠲᠡᠭ ᠢ ᠠᠷᠪᠢᠯᠠᠬᠤ᠂ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠪᠠᠷ ᠴᠢᠷᠮᠠᠶᠢᠵᠤ᠂ ᠠᠷᠠᠳ ᠣᠯᠠᠨ ᠤ ᠥᠨᠳᠥᠷ ᠪᠦᠲᠦᠮᠵᠢᠲᠡᠶ᠂ ᠳᠥᠭᠦᠮ ᠳᠥᠲᠡ᠂ ᠳᠣᠣᠷ᠎ᠠ ᠥᠪᠡᠷ ᠤᠨ ᠥᠷᠲᠡᠭ ᠢᠶᠠᠷ ᠵᠥᠷᠢᠴᠡᠯ ᠵᠢᠭᠤᠷᠠᠯᠳᠤᠭᠠᠨ ᠢ ᠰᠢᠢᠳᠪᠦᠷᠢᠯᠡᠬᠦ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ᠂ ᠡᠶ᠎ᠡ ᠵᠣᠬᠢᠴᠠᠯ ᠲᠠᠢ ᠨᠡᠶᠢᠭᠡᠮ ᠢ ᠠᠬᠢᠭᠤᠯᠬᠤ ᠬᠥᠭᠵᠢᠯᠲᠡ ᠳᠤ ᠠᠯᠪᠠᠨ ᠭᠡᠷᠡᠴᠢᠯᠡᠭᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠤᠨ᠎ᠠ᠃
 
ᠢᠷᠡᠯᠲᠡ᠄ ᠴᠢᠩᠱᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号