3 ᠰᠠᠷ᠎ᠠ ᠶᠢᠨ 18 ᠤ ᠡᠳᠦᠷ᠂ ᠴᠢᠩᠱᠠᠨ ᠲᠣᠭᠤᠷᠢᠭ ︽ᠪᠥᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢ | ᠪᠠᠶᠢᠴᠠᠭᠠᠬᠤ ᠠᠵᠢᠯ ᠢ ᠥᠷᠨᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ | ᠲᠠᠮᠢᠷ ᠤᠨ ᠲᠣᠪᠴᠢᠶ᠎ᠠ ᠶᠢᠨ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠪᠥᠬᠦ ᠲᠤᠭᠤᠷᠢᠭ ᠤᠨ ᠪᠡᠶ᠎ᠡ ᠶᠢᠨ ᠲᠠᠮᠢᠷ ᠤᠨ | ᠲᠠᠯᠠᠪᠠᠶ ᠶᠢ ᠪᠠᠶᠢᠴᠠᠭᠠᠬᠤ ᠠᠵᠢᠯ ᠤᠨ ᠵᠣᠬᠢᠴᠠᠭᠤᠯᠬᠤ ᠬᠤᠷᠠᠯ ᠢ ᠬᠤᠷᠠᠯᠳᠤᠭᠤᠯᠪᠠ᠃ ᠴᠢᠩᠱᠠᠨ ᠲᠣᠭᠤᠷᠢᠭ ᠤᠨ | ᠵᠠᠰᠠᠭ ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠣᠭᠤᠷᠢᠭ ᠤᠨ ᠳᠡᠳ᠋ ᠳᠠᠷᠤᠭ᠎ᠠ ᠭᠤᠤ ᠵᠦ ᠬᠤᠷᠠᠯ ᠢ | ᠡᠷᠭᠢᠯᠡᠭᠰᠡᠨ ᠪᠥᠭᠡᠳ ᠲᠣᠬᠢᠷᠠᠭᠤᠯᠤᠨ ᠪᠠᠶᠢᠷᠢᠯᠠᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠪᠡᠶ᠎ᠡ ᠶᠢᠨ ᠲᠠᠮᠢᠷ ᠤᠨ ᠲᠠᠯᠠᠪᠤᠷ ᠣᠷᠳᠣᠨ ᠤ ᠦᠢᠯᠡᠴᠢᠯᠡᠭᠡᠨ ᠤ ᠲᠥᠪ ᠤᠨ ᠪᠠᠲᠤᠯᠠᠭ᠎ᠠ ᠶᠢᠨ ᠰᠠᠯᠠᠭᠠᠨ ᠤ ᠳᠠᠷᠤᠭ᠎ᠠ | ᠵᠣᠣ ᠬᠤᠩ ᠯᠸᠢ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠤᠷ ᠤᠨ ᠪᠠᠶᠢᠴᠠᠭᠠᠬᠤ | ᠳᠤᠭᠤᠶᠢᠯᠠᠩ ᠤᠨ ᠠᠵᠢᠯᠲᠠᠨ᠂ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠲᠣᠪᠴᠢᠶ᠎ᠠ᠂ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠰᠠᠯᠠᠭ᠎ᠠ ᠲᠣᠪᠴᠢᠶ᠎ᠠ᠂ ᠠᠵᠢᠯᠴᠢᠨ ᠤ ᠶᠡᠷᠦᠩᠬᠡᠶ ᠡᠪᠯᠡᠯ᠂ ᠰᠣᠶᠣᠯ | ᠵᠢᠭᠤᠯᠴᠢᠯᠠᠯ ᠤᠨ ᠲᠣᠪᠴᠢᠶ᠎ᠠ ᠵᠡᠷᠭᠡ ᠪᠠ ᠡᠯ᠎ᠡ ᠵᠡᠭᠡᠯᠢ ᠪᠠᠯᠭᠠᠰᠤ ᠶᠢᠨ ᠨᠡᠶᠢᠲᠡ 17 ᠨᠢᠭᠡᠴᠢ ᠬᠤᠷᠠᠯ ᠳᠤ | ᠣᠷᠣᠯᠴᠠᠵᠠᠶ᠃ | ᠬᠤᠷᠠᠯ ᠳᠡᠭᠡᠷ᠎ᠡ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠳᠠᠷᠤᠭ᠎ᠠ ᠯᠢᠦ ᠰᠢᠶᠤᠤ | ᠴᠢᠩᠱᠠᠨ ᠲᠣᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢᠨ ᠶᠡᠷᠦᠩᠬᠡᠶ ᠪᠠᠶᠢᠳᠠᠯ ᠢ | ᠮᠡᠳᠡᠭᠳᠡᠭᠰᠡᠨ ᠪᠥᠭᠡᠳ ᠪᠡᠶ᠎ᠡ ᠶᠢᠨ ᠲᠠᠮᠢᠷ ᠤᠨ ᠣᠷᠳᠣᠨ ᠤ ᠲᠤᠰᠬᠠᠶ ᠪᠠᠶᠢᠴᠠᠭᠠᠯᠲᠠ ᠶᠢᠨ ᠠᠵᠢᠯ ᠤᠨ ᠱᠠᠭᠠᠷᠳᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ᠃ ᠡᠯ᠎ᠡ ᠨᠢᠭᠡᠴᠢ ᠶᠢ ᠵᠣᠬᠢᠴᠠᠭᠤᠯᠤᠨ ᠲᠤᠭ᠎ᠠ ᠪᠠᠷᠢᠮᠲᠠ ᠶᠢ ᠴᠤᠭᠯᠠᠭᠤᠯᠵᠤ | ᠳᠡᠭᠡᠭᠰᠢ ᠮᠡᠳᠡᠭᠦᠯᠬᠦ ᠶᠢ ᠴᠠᠭ ᠲᠤᠬᠠᠶ ᠳᠤᠨᠢ ᠪᠡᠶᠡᠯᠡᠭᠦᠯᠵᠦ᠂ ᠳᠠᠪᠬᠤᠴᠠᠭᠤᠯᠬᠤ ᠦᠭᠡᠢ ᠪᠣᠯ ᠣᠷᠬᠢᠭᠳᠠᠭᠤᠯᠬᠤ ᠦᠭᠡᠢ᠂ | ᠨᠢᠭᠡᠳᠬᠡᠪᠡᠰᠦ ᠵᠣᠬᠢᠬᠤ ᠶᠢ ᠨᠢ ᠪᠦᠬᠦᠨ ᠢ ᠨᠢᠭᠡᠳᠬᠡᠨ᠎ᠡ᠃ ᠴᠢᠩᠱᠠᠨ ᠲᠣᠭᠤᠷᠢᠭ ᠲᠣᠰ ᠤᠳᠠᠭᠠᠨ ᠤ | ᠪᠠᠶᠢᠴᠠᠭᠠᠯᠲᠠ ᠶᠢᠨ ᠲᠤᠰᠬᠠᠶ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠥᠬᠦ ᠲᠤᠭᠤᠷᠢᠭ ᠤᠨ ᠪᠡᠶ᠎ᠡ ᠶᠢᠨ | ᠲᠠᠮᠢᠷ ᠤᠨ ᠲᠠᠯᠠᠪᠠᠶ ᠶᠢᠨ ᠲᠤᠭ᠎ᠠ ᠬᠡᠮᠵᠢᠶ᠎ᠡ᠂ ᠲᠥᠷᠥᠯ ᠬᠡᠯᠪᠡᠷᠢ ᠵᠢᠴᠢ ᠲᠠᠷᠬᠠᠯᠲᠠ ᠶᠢᠨ ᠪᠠᠶᠢᠳᠠᠯ ᠢ ᠤᠯᠠᠮ ᠨᠢᠭᠡ | ᠠᠯᠬᠤᠮ ᠪᠥᠬᠦ ᠲᠠᠯ᠎ᠠ ᠪᠠᠷ᠂ ᠨᠠᠷᠢᠯᠢᠭ ᠤᠨᠤᠪᠴᠢᠲᠠᠢ ᠡᠵᠡᠮᠰᠢᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ | ᠵᠣᠬᠢᠶᠠᠬᠤ ᠳᠤ ᠰᠠᠭᠤᠷᠢ ᠶᠢ ᠪᠠᠬᠢᠵᠢᠭᠦᠯᠵᠦ᠂ ᠪᠡᠶ᠎ᠡ ᠶᠢᠨ ᠲᠠᠮᠢᠷ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠪᠣᠳᠠᠲᠠᠶ ᠳᠤ ᠨᠡᠶᠢᠴᠡᠭᠰᠡᠨ ᠰᠢᠨᠵᠢᠯᠡᠬᠦ ᠤᠬᠠᠭᠠᠨᠴᠢ ᠰᠢᠢᠳᠪᠦᠷᠢᠲᠦ | ᠪᠣᠳᠣᠯᠭ᠎ᠠ ᠭᠠᠷᠭᠠᠵᠤ᠂ ᠪᠡᠶ᠎ᠡ ᠶᠢᠨ ᠲᠠᠮᠢᠷ ᠤᠨ ᠦᠢᠯᠡᠰ ᠬᠢᠭᠡᠳ ᠪᠡᠶ᠎ᠡ ᠶᠢᠨ ᠲᠠᠮᠢᠷ ᠤᠨ ᠠᠵᠤ ᠦᠢᠯᠡᠰ ᠤᠨ ᠴᠢᠨᠠᠷ | ᠰᠠᠶᠢᠲᠠᠶ ᠬᠥᠭᠵᠢᠯᠲᠡ ᠶᠢᠨ ᠰᠢᠨ᠎ᠡ ᠠᠶᠠᠨ ᠳᠠᠶᠢᠨ ᠢ ᠠᠬᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠦᠢᠯᠡᠴᠢᠯᠡᠭᠡᠨ ᠤ ᠲᠥᠪ ᠤᠨ | ᠪᠠᠲᠤᠯᠠᠭ᠎ᠠ ᠶᠢᠨ ᠰᠠᠯᠠᠭᠠᠨ ᠤ ᠳᠠᠷᠤᠭ᠎ᠠ ᠵᠣᠣ ᠬᠤᠩ ᠯᠸᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠠᠶᠢᠴᠠᠭᠠᠯᠲᠠ ᠶᠢᠨ | ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠤᠨ ᠲᠤᠬᠠᠶ ᠨᠠᠷᠢᠨ ᠲᠠᠶᠢᠯᠤᠮᠵᠢ ᠬᠢᠪᠠ᠃ ᠲᠡᠷᠡ᠂ ᠲᠣᠰ ᠤᠳᠠᠭᠠᠨ ᠤ | ᠪᠠᠶᠢᠴᠠᠭᠠᠯᠲᠠ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠲᠤᠰᠬᠠᠶ ᠠᠵᠢᠯᠯᠠᠬᠤ ᠳᠤᠭᠤᠶᠢᠯᠠᠩ ᠲᠣᠮᠢᠯᠠᠨ᠂ ᠠᠶᠢᠮᠠᠭ ᠬᠤᠲᠠ᠂ ᠬᠤᠰᠢᠭᠤ ᠰᠢᠶᠠᠨ ᠤ | ᠪᠡᠶ᠎ᠡ ᠶᠢᠨ ᠲᠠᠮᠢᠷ ᠤᠨ ᠰᠠᠯᠠᠭ᠎ᠠ ᠮᠥᠴᠢᠷ ᠢ ᠬᠠᠪᠰᠤᠷᠤᠨ ᠪᠠᠶᠢᠴᠠᠭᠠᠯᠲᠠ ᠶᠢᠨ ᠠᠵᠢᠯ ᠥᠷᠨᠢᠭᠦᠯᠬᠦ ᠶᠢᠨ ᠬᠠᠮᠲᠤ | ᠮᠡᠷᠭᠡᠵᠢᠯ ᠤᠨ ᠳᠡᠮᠵᠢᠯᠭᠡ ᠪᠠ ᠲᠤᠬᠠᠶᠢᠯᠠᠭᠰᠠᠨ ᠠᠵᠢᠯ ᠤᠨ ᠵᠢᠯᠣᠭᠤᠳᠣᠯᠭ᠎ᠠ ᠬᠠᠩᠭᠠᠨ᠎ᠠ᠃ ᠭᠤᠤᠯᠳᠠᠭᠤ ᠤᠤᠯ ᠤᠨ | ᠪᠠᠶᠢᠭᠰᠠᠨ ᠲᠤᠭ᠎ᠠ ᠪᠠᠷᠢᠮᠲᠠ ᠶᠢᠨ ᠰᠠᠭᠤᠷᠢᠨ ᠳᠡᠭᠡᠷ᠎ᠡ ᠠᠯᠳᠠᠭᠳᠠᠯ ᠢ ᠪᠠᠶᠢᠴᠠᠭᠠᠨ ᠳᠤᠲᠠᠭᠤ ᠶᠢ ᠨᠥᠬᠦᠪᠥᠷᠢᠯᠡᠬᠦ᠂ | ᠮᠡᠳᠡᠭᠡ ᠵᠠᠩᠭᠢ ᠶᠢ ᠨᠥᠬᠦᠪᠥᠷᠢᠯᠡᠬᠦ᠂ ᠴᠢᠳᠠᠮᠵᠢ ᠶᠢ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠯ᠎ᠡ | ᠱᠠᠲᠤᠨ ᠤ ᠵᠠᠰᠠᠭ ᠤᠨ ᠣᠷᠳᠣᠨ ᠤ ︽ᠠᠷᠪᠠᠨ ᠲᠠᠪᠤᠳᠤᠭᠠᠷ ᠲᠠᠪᠤᠨ ᠵᠢᠯ︾ ᠤᠨ ᠰᠢᠨᠵᠢᠯᠡᠬᠦ ᠤᠬᠠᠭᠠᠨᠴᠢ | ᠲᠥᠯᠥᠪᠵᠢᠭᠦᠯᠭᠡ ᠶᠢ ᠰᠠᠶᠢᠲᠤᠷ ᠬᠢᠬᠦ ᠳᠤ ᠲᠤᠭ᠎ᠠ ᠪᠠᠷᠢᠮᠲᠠ ᠶᠢᠨ ᠲᠤᠯᠭᠠᠭᠤᠷᠢᠯᠠᠯ ᠬᠠᠩᠭᠠᠬᠤ ᠶᠢᠨ ᠬᠠᠮᠲᠤ᠂ | ᠲᠠᠷᠠᠭᠠᠴᠢ ᠶᠢᠨ ᠠᠯᠬᠤᠮ ᠳᠤ ᠪᠥᠬᠦ ᠣᠷᠣᠨ ᠤ ᠪᠡᠶ᠎ᠡ ᠶᠢᠨ ᠲᠠᠮᠢᠷ ᠤᠨ ᠲᠠᠯᠠᠪᠠᠶ ᠶᠢᠨ ᠲᠣᠮᠣ ᠳ᠋ᠠᠶᠢᠲ᠋ᠠ ᠶᠢᠨ | ᠬᠡᠷᠡᠭᠯᠡᠯᠲᠡ ᠶᠢ ᠰᠠᠶᠢᠲᠤᠷ ᠬᠢᠬᠦ ᠳᠤ ᠪᠠᠲᠤᠯᠠᠭ᠎ᠠ ᠶᠢ ᠰᠠᠶᠢᠲᠤᠷ ᠬᠢᠨ᠎ᠠ᠃ ᠥᠪᠡᠷᠲᠡᠭᠡᠨ ᠵᠠᠰᠠᠬᠤ ᠣᠷᠣᠨ ᠤ ᠠᠵᠢᠯᠯᠠᠬᠤ | ᠳᠤᠭᠤᠶᠢᠯᠠᠩ ᠤᠨ ᠠᠵᠢᠯᠲᠠᠳ ᠮᠡᠳᠡᠭᠡ ᠵᠠᠩᠭᠢ ᠴᠤᠭᠯᠠᠭᠤᠯᠤᠭᠰᠠᠨ ᠤ ᠳᠠᠷᠠᠭ᠎ᠠ᠂ ᠲᠠᠯᠠᠪᠤᠷ ᠭᠠᠵᠠᠷ ᠤᠨ | ᠪᠠᠶᠢᠴᠠᠭᠠᠯᠲᠠ ᠶᠢᠨ ᠰᠢᠰᠲ᠋ᠧᠮ ᠤᠨ ᠳᠣᠲᠣᠷᠠᠬᠢ ᠮᠡᠳᠡᠭᠡ ᠵᠠᠩᠭᠢ ᠶᠢ ᠬᠠᠷᠭᠤᠭᠤᠯᠵᠤ᠂ ᠰᠢᠨ᠎ᠡ ᠪᠠᠷ ᠨᠡᠮᠡᠭᠳᠡᠭᠰᠡᠨ | ᠲᠠᠯᠠᠪᠤᠷ ᠢ ᠲᠣᠭᠲᠠᠭᠠᠬᠤ ᠶᠢᠨ ᠬᠠᠮᠲᠤ᠂ ᠬᠤᠲᠠ ᠪᠠᠯᠭᠠᠰᠤ ᠶᠢᠨ ᠳᠣᠲᠣᠷᠠᠬᠢ ᠰᠢᠨ᠎ᠡ ᠪᠠᠷ ᠨᠡᠮᠡᠭᠳᠡᠭᠰᠡᠨ ᠲᠠᠯᠠᠪᠤᠷ ᠢ | ᠲᠤᠬᠠᠶ ᠶᠢᠨ ᠭᠠᠵᠠᠷ ᠲᠤᠨᠢ ᠲᠠᠭᠯᠠᠨ ᠮᠡᠳᠡᠭᠦᠯᠦᠨ᠎ᠡ ᠭᠡᠵᠦ ᠵᠢᠭᠠᠨ ᠭᠠᠷᠭᠠᠭᠰᠠᠨ ᠪᠠᠶᠢᠨ᠎ᠠ᠃ | ᠲᠣᠭᠤᠷᠢᠭ ᠤᠨ ᠳᠡᠳ᠋ ᠳᠠᠷᠤᠭ᠎ᠠ ᠭᠤᠤ ᠵᠦ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ | ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠶ᠃ ᠪᠡᠶ᠎ᠡ ᠶᠢᠨ ᠲᠠᠮᠢᠷ ᠤᠨ ᠲᠠᠯᠠᠪᠠᠶ ᠶᠢᠨ | ᠪᠠᠶᠢᠴᠠᠭᠠᠯᠲᠠ ᠶᠢ ᠥᠷᠨᠢᠭᠦᠯᠬᠦ ᠪᠣᠯ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠤᠯᠤᠰ ᠤᠨ ᠪᠠᠶᠢᠯᠳᠤᠬᠤ | ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢᠨ ᠴᠢᠬᠤᠯᠠ ᠰᠠᠭᠤᠷᠢ ᠴᠢᠨᠠᠷᠲᠠᠶ ᠠᠵᠢᠯ ᠪᠣᠯᠤᠨ᠎ᠠ᠃ ᠲᠣᠰ ᠤᠳᠠᠭᠠᠨ ᠤ | ᠪᠠᠶᠢᠴᠠᠭᠠᠯᠲᠠ ᠳᠤ ᠪᠥᠬᠦ ᠲᠤᠭᠤᠷᠢᠭ ᠤᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠲᠤᠭ᠎ᠠ ᠬᠡᠮᠵᠢᠶ᠎ᠡ᠂ ᠲᠥᠷᠥᠯ | ᠬᠡᠯᠪᠡᠷᠢ᠂ ᠲᠠᠷᠬᠠᠯᠲᠠ ᠪᠠ ᠬᠠᠮᠢᠶᠠᠷᠤᠯᠲᠠ ᠬᠡᠷᠡᠭᠯᠡᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠲᠣᠳᠣᠷᠬᠠᠶ ᠣᠶᠢᠯᠠᠭᠠᠵᠤ᠂ | ᠰᠢᠨ᠎ᠡ ᠪᠠᠷ ᠬᠥᠭᠵᠢᠭᠰᠡᠨ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠤᠨ ᠰᠠᠭᠤᠷᠢ ᠲᠤᠭ᠎ᠠ ᠨᠢ ᠲᠣᠳᠣᠷᠬᠠᠶ ᠥᠬᠡᠶ | ᠪᠠᠶᠢᠬᠤ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ | ᠪᠡᠶ᠎ᠡ ᠶᠢᠨ ᠲᠠᠮᠢᠷ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠳᠤ | ᠣᠨᠣᠪᠴᠢᠲᠠᠶ ᠦᠨᠳᠦᠰᠦᠯᠡᠯ ᠬᠠᠩᠭᠠᠬᠤ ᠬᠡᠷᠡᠭᠲᠡᠶ᠃ ᠬᠤᠶᠠᠷ ᠲᠤ᠂ ᠵᠣᠬᠢᠴᠠᠭᠤᠯᠤᠨ ᠬᠠᠮᠲᠤᠷᠠᠯᠴᠠᠬᠤ ᠶᠢ | ᠴᠢᠩᠭᠠᠳᠬᠠᠵᠤ᠂ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠲᠣᠰ ᠤᠳᠠᠭᠠᠨ ᠤ | ᠪᠠᠶᠢᠴᠠᠭᠠᠯᠲᠠ ᠶᠢᠨ ᠠᠵᠢᠯ ᠨᠢ ᠣᠯᠠᠨ ᠰᠠᠯᠠᠭ᠎ᠠ ᠮᠥᠴᠢᠷ ᠲᠤ ᠬᠤᠯᠪᠣᠭᠳᠠᠵᠤ᠂ ᠬᠡᠰᠡᠭ ᠮᠡᠳᠡᠭᠡ ᠵᠠᠩᠭᠢ ᠴᠤᠭᠯᠠᠭᠤᠯᠬᠤ | ᠬᠦᠷᠢᠶ᠎ᠡ ᠬᠡᠪᠴᠢᠶ᠎ᠡ ᠨᠢ ᠥᠷᠭᠡᠨ᠂ ᠡᠭᠦᠷᠭᠡ ᠬᠦᠨᠳᠦ᠂ ᠡᠯ᠎ᠡ ᠰᠠᠯᠠᠭ᠎ᠠ ᠮᠥᠴᠢᠷ ᠤᠳ ᠡᠷᠬᠡᠪᠰᠢ ᠨᠡᠪᠲᠡᠷᠡᠯᠴᠡᠨ | ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠮᠡᠳᠡᠭᠡ ᠵᠠᠩᠭᠢ | ᠴᠤᠭᠯᠠᠭᠤᠯᠬᠤ ᠠᠵᠢᠯ ᠤᠨ ᠤᠷᠤᠭᠰᠢᠲᠠᠶ ᠠᠬᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠭᠤᠷᠪᠠ ᠳᠤ᠂ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠲᠣᠭᠲᠠᠭᠰᠠᠨ ᠬᠤᠭᠤᠴᠠᠭᠠᠨ ᠳᠤ ᠳᠠᠩᠰᠠ ᠲᠤᠰᠢᠶᠠᠬᠤ ᠶᠢ ᠪᠠᠲᠤᠯᠠᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠤᠳ ᠮᠡᠳᠡᠭᠡ ᠵᠠᠩᠭᠢ ᠴᠤᠭᠯᠠᠭᠤᠯᠬᠤ ᠶᠠᠪᠤᠴᠠ ᠳᠤ᠂ ᠡᠷᠬᠡᠪᠰᠢ ᠴᠢᠩᠭ᠎ᠠ ᠨᠢᠮᠪᠠᠶ ᠪᠠᠶᠢᠵᠤ᠂ | ᠴᠤᠭᠯᠠᠭᠤᠯᠤᠭᠰᠠᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ᠂ ᠪᠦᠷᠢᠨ ᠪᠦᠲᠦᠨ | ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠭᠲᠠᠭᠰᠠᠨ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ | ᠴᠡᠭ ᠢ ᠴᠢᠩᠭ᠎ᠠ ᠵᠢᠷᠤᠮᠯᠠᠨ ᠮᠡᠳᠡᠭᠡ ᠵᠠᠩᠭᠢ ᠴᠤᠭᠯᠠᠭᠤᠯᠬᠤ ᠠᠵᠢᠯ ᠢ ᠪᠡᠶᠡᠯᠡᠭᠦᠯᠬᠦ ᠶᠢᠨ ᠬᠠᠮᠲᠤ ᠴᠠᠭ ᠲᠤᠬᠠᠶ ᠳᠤᠨᠢ | ᠲᠤᠰᠢᠶᠠᠵᠤ᠂ ᠪᠠᠶᠢᠴᠠᠭᠠᠯᠲᠠ ᠶᠢᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ ᠭᠡᠵᠦ | ᠴᠢᠬᠤᠯᠠᠴᠢᠯᠠᠭᠰᠠᠨ ᠪᠠᠶᠢᠨ᠎ᠠ᠃ | | | | | | | | | | |